ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/7
   2 ᠳ᠋ᠤᠭᠠᠷ ᠰᠠᠷ᠎ᠠ ᠶᠢᠨ 3 ᠤ ᠡᠳᠦᠷ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠶᠢᠮᠠᠭ ᠤᠨ ᠤᠳᠤᠷᠢᠳᠤᠯᠭ᠎ᠠ ᠰᠦᠬᠡ᠂ ᠰᠢᠤᠢ ᠵᠦᠸᠧ᠂ ᠯᠢᠦ ᠱᠦ ᠴᠧᠩ᠂ ᠯᠢ ᠬᠤᠩ ᠼᠠᠢ ᠨᠠᠷ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠢᠭᠡᠳᠦᠭᠡᠷ ᠬᠢᠨᠠᠨ ᠪᠠᠶᠢᠴᠠᠭᠠᠬᠤ ᠲᠠᠰᠤᠭ ᠤᠨ ᠬᠤᠯᠪᠣᠭᠳᠠᠯ ᠪᠥᠬᠦᠶ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠯᠢ ᠬᠤᠸᠠ 2023 ᠣᠨ ᠤ ᠪᠥᠬᠦ ᠠᠶᠢᠮᠠᠭ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠡᠭᠦᠷᠭᠡ ᠶᠢ ᠡᠷᠭᠢᠯᠡᠨ ᠪᠠᠶᠢᠷᠢᠯᠠᠭᠤᠯᠵᠠᠶ᠃    ᠵᠠᠩ ᠰᠢᠶᠤᠤ ᠪᠢᠩ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠪᠣᠯ ᠮᠠᠨ ᠤ ᠨᠠᠮ ᠤᠨ ᠬᠠᠮᠤᠭ ᠤᠨ ᠢᠯᠡ ᠲᠣᠳᠣ ᠵᠠᠩ ᠰᠤᠷᠲᠠᠯ ᠪᠣᠯᠤᠨ᠎ᠠ᠃ ᠪᠥᠬᠦ ᠠᠶᠢᠮᠠᠭ ᠤᠨ ᠡᠯ᠎ᠡ ᠱᠠᠲᠤᠨ ᠤ ᠬᠢᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠨᠢᠭᠡ ᠮᠥᠴᠡ ᠴᠦ ᠵᠣᠭᠰᠣᠯ ᠥᠬᠡᠶ ᠴᠢᠩᠭᠠᠳᠬᠠᠵᠤ᠂ ᠳᠠᠭᠠᠷᠢᠯᠲᠠ ᠶᠢᠨ ᠪᠦᠷᠢᠶ᠎ᠡ ᠪᠠᠨ ᠡᠭᠦᠷᠢᠳᠡ ᠦᠯᠢᠶᠡᠵᠦ᠂ ᠴᠢᠩᠭ᠎ᠠ ᠬᠥᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠣᠷᠳᠣ ᠬᠤᠭᠤᠴᠠᠭ᠎ᠠ ᠪᠠᠷ ᠪᠠᠷᠢᠮᠲᠠᠯᠠᠨ᠂ ᠪᠥᠬᠦ ᠠᠶᠢᠮᠠᠭ ᠤᠨ ᠤᠯᠤᠰ ᠲᠥᠷᠥ ᠶᠢᠨ ᠠᠮᠢ ᠠᠬᠤᠶ ᠶᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠭᠡᠵᠡᠶ᠃    ᠵᠠᠩ ᠰᠢᠶᠣᠤ ᠪᠢᠩ᠄ ︽ᠤᠯᠤᠰ ᠶᠡᠭᠡ ᠬᠡᠮᠡᠭᠴᠢ︾  ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠥᠷᠥ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠣᠨᠣᠪᠴᠢᠲᠠᠶ ᠪᠣᠯᠭᠠᠬᠤ᠂ ᠪᠠᠶᠢᠩᠭᠤᠵᠢᠭᠤᠯᠬᠤ ᠶᠢ ᠠᠬᠢᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠳᠠᠯᠠᠵᠤ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠪᠠ ᠤᠢ ᠰᠢᠭᠤᠢ ᠡᠪᠡᠰᠦᠨ ᠤ ᠡᠬᠢ ᠪᠠᠶᠠᠯᠢᠭ ᠤᠨ ᠬᠠᠮᠠᠭᠠᠯᠠᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ᠂ ᠵᠣᠷᠯᠣᠩ ᠤᠨ ᠬᠤᠪᠢᠰᠬᠠᠯ᠂ ᠵᠠᠰᠠᠭ ᠤᠨ ᠣᠷᠳᠣᠨ ᠤ ᠥᠷᠢ ᠥᠭᠴᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠬᠢᠨᠠᠯᠲᠠ ᠶᠢᠨ ᠠᠵᠢᠯ ᠢ ᠭᠦᠨᠵᠡᠭᠡᠢ ᠪᠥᠭᠡᠳ ᠪᠣᠳᠠᠲᠠᠢ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠦᠨ᠎ᠡ᠃ ︽ᠴᠢᠩᠭ᠎ᠠ︾ ᠶᠢᠨ ᠬᠦᠭ ᠠᠶᠠᠰ ᠢᠶᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠢᠩᠭᠠᠳᠬᠠᠬᠤ ᠶᠢ ᠪᠠᠷᠢᠮᠲᠠᠯᠠᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ ᠵᠠᠯᠠᠷᠠᠭᠤᠯᠤᠨ ᠵᠠᠰᠠᠬᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠴᠡᠭᠴᠡᠯᠡᠨ ᠵᠠᠰᠠᠬᠤ᠂ ᠢᠯᠵᠠᠷᠠᠯ ᠢ ᠡᠰᠡᠷᠭᠦᠴᠡᠬᠦ ᠲᠡᠮᠡᠴᠡᠯ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠬᠦ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠶ᠃ ᠬᠦᠴᠦᠲᠡᠶ ᠠᠷᠭ᠎ᠠ ᠬᠡᠮᠵᠢᠶ᠎ᠡ ᠪᠠᠷ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠤᠷᠮᠠᠰᠢᠭᠤᠯᠤᠨ ᠵᠣᠷᠢᠭᠵᠢᠭᠤᠯᠵᠤ᠂ ︽ᠭᠤᠷᠪᠠ ᠶᠢ ᠢᠯᠭᠠᠬᠤ︾ ᠴᠢᠬᠤᠯᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠺᠠᠳ᠋ᠷᠴᠤᠳ ᠤᠨ ᠲᠠᠪᠰᠢᠵᠤ ᠪᠠᠭᠤᠵᠤ ᠪᠦᠷ ᠪᠣᠯᠬᠤ ᠶᠢ ᠬᠦᠴᠦᠯᠡᠨ ᠠᠬᠢᠭᠤᠯᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠺᠠᠳ᠋ᠷᠴᠤᠳ ᠢ ᠤᠷᠮᠠᠰᠢᠭᠤᠯᠤᠨ ᠬᠠᠯᠠᠮᠵᠢᠯᠠᠬᠤ ᠡᠷᠴᠢᠮ ᠢᠶᠠᠨ ᠴᠢᠩᠭᠠᠷᠠᠭᠤᠯᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠶ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠶ᠃ ᠪᠥᠬᠦ ᠠᠶᠢᠮᠠᠭ ᠤᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨ ︽ᠬᠢᠨᠠᠯᠲᠠ ᠲᠠᠯᠪᠢᠭᠴᠢ ᠨᠠᠩ ᠴᠤ ᠬᠢᠨᠠᠯᠲᠠ ᠶᠢ ᠬᠦᠯᠢᠶᠡᠬᠦ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠷᠤᠮᠵᠢᠭᠤᠯᠤᠯᠲᠠ᠂ ᠬᠠᠤᠯᠢᠵᠢᠭᠤᠯᠤᠯᠲᠠ᠂ ᠵᠢᠩᠬᠢᠨᠢᠴᠢᠯᠡᠯᠲᠡ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠳᠡᠷᠭᠡᠳᠡᠬᠢ ᠠᠰᠠᠭᠤᠳᠠᠯ ᠢᠶᠠᠨ ᠤᠯᠵᠦ ᠬᠠᠷᠠᠬᠤ ᠦᠭᠡᠢ ᠪᠠᠶᠢᠳᠠᠯ ᠭᠠᠷᠬᠤ︾ ᠶᠢ ᠡᠷᠡᠰ ᠰᠡᠷᠭᠡᠶᠢᠯᠡᠬᠦ ᠬᠡᠷᠡᠭᠲᠡᠶ᠃ ᠥᠷᠭᠡᠨ ᠤᠯᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠡᠷᠬᠡ ᠪᠠᠨ ᠵᠥᠪ ᠢᠶᠠᠷ ᠬᠡᠷᠡᠭᠵᠢᠭᠦᠯᠵᠦ᠂ ᠬᠠᠷᠢᠭᠤᠴᠠᠯᠭ᠎ᠠ ᠪᠠᠨ ᠰᠡᠳᠬᠢᠯ ᠠᠴᠠ ᠪᠠᠨ ᠮᠡᠳᠡᠵᠦ᠂ ᠥᠪᠡᠷ ᠤᠨ ᠪᠡᠶ᠎ᠡ ᠳᠡᠭᠡᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ  ᠭᠡᠪᠡ᠃    ᠬᠤᠷᠠᠯ ᠨᠢ  ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠶᠠᠪᠤᠭᠳᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号