ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/7
   2 ᠳ᠋ᠤᠭᠠᠷ ᠰᠠᠷ᠎ᠠ ᠶᠢᠨ 3 ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠢ ᠡᠷᠭᠢᠯᠡᠪᠡ᠃ ᠠᠶᠢᠮᠠᠭ ᠤᠨ ᠨᠠᠮ ᠤᠨ ᠬᠤᠷᠢᠶ᠎ᠠ ᠶᠢᠨ ᠲᠠᠪᠤᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠨᠥᠬᠦᠳ ᠬᠤᠷᠠᠯ ᠳᠤ ᠢᠷᠡᠵᠦ ᠵᠢᠭᠠᠨ ᠵᠢᠯᠣᠭᠤᠳᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ ᠾᠧ ᠸᠧᠶ ᠯᠢ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠡᠮᠦᠨ᠎ᠡ᠂ ᠵᠠᠰᠠᠭ ᠵᠠᠬᠢᠷᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠰᠢᠰᠲ᠋ᠧᠮ ᠲᠠᠢ ᠰᠤᠷᠤᠯᠴᠠᠯᠭ᠎ᠠ ᠶᠢ ᠭᠦᠨᠵᠡᠭᠡᠢ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠠᠷᠢᠴᠠᠭᠤᠯᠤᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠲᠤᠭᠤᠷᠪᠢᠵᠤ᠂ ᠵᠠᠰᠠᠭ ᠵᠠᠬᠢᠷᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ ᠵᠠᠰᠠᠭ ᠵᠠᠬᠢᠷᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠬᠠᠮᠲᠤ ᠪᠠᠷ ᠰᠤᠳᠤᠯᠤᠨ ᠶᠠᠷᠢᠯᠴᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠢ᠃    ᠬᠤᠷᠠᠯ ᠠᠴᠠ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ  ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠵᠡᠢ᠃ ᠰᠦᠬᠡ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠪᠡᠶ᠎ᠡ ᠪᠠᠷ ᠢᠶᠠᠨ ᠲᠦᠷᠦᠭᠦᠯᠡᠨ ᠬᠠᠷᠢᠴᠠᠭᠤᠯᠤᠨ ᠪᠠᠶᠢᠴᠠᠭᠠᠵᠠᠢ᠃ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠬᠤᠪᠢ ᠬᠥᠮᠦᠨ ᠢ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠪᠠᠷ ᠥᠷᠨᠢᠭᠦᠯᠪᠡ᠃    ᠰᠦᠬᠡ ᠵᠠᠩ ᠰᠢᠶᠤᠤ ᠪᠢᠩ ᠱᠦᠵᠢ ᠶᠢᠨ ᠠᠶᠢᠮᠠᠭ ᠤᠨ ᠨᠠᠮ ᠤᠨ  ᠬᠤᠷᠢᠶ᠎ᠠ ᠶᠢᠨ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠵᠠᠰᠠᠭ ᠵᠠᠬᠢᠷᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ  ᠬᠤᠷᠢᠶ᠎ᠠ  ᠶᠢᠨ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠲᠤᠭᠤᠰᠢᠯᠠᠭᠤᠯᠬᠤ ᠶᠢ ᠨᠠᠰᠤᠨ ᠲᠤᠷᠰᠢᠳᠠ ᠶᠢᠨ ᠰᠡᠳᠦᠪ ᠪᠣᠯᠭᠠᠵᠤ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠶᠢᠴᠢᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠳᠠᠭᠠᠭᠤᠯᠵᠤ ᠢᠲᠡᠭᠡᠯ ᠪᠢᠰᠢᠷᠡᠯ ᠤᠨ ᠰᠠᠭᠤᠷᠢ ᠶᠢ ᠪᠠᠲᠤᠳᠬᠠᠬᠤ ᠬᠡᠷᠡᠭᠲᠡᠢ᠃ ᠶᠡᠭᠡ ᠲᠠᠯ᠎ᠠ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠶᠢ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠳᠡᠯᠭᠡᠭᠰᠡᠨ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ ᠪᠠᠶᠢᠴᠠᠭᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠤᠤᠷ ᠴᠢᠨᠠᠷ ᠢᠶᠠᠨ ᠴᠠᠭ ᠢᠮᠠᠭᠲᠠ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号