ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠠᠩᠬᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/7
    2 ᠳ᠋ᠤᠭᠠᠷ ᠰᠠᠷ᠎ᠠ ᠶᠢᠨ 3 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2023 ᠣᠨ ᠤ ᠠᠩᠬᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠦᠸᠧ ᠰᠤᠷᠤᠯᠴᠠᠯᠭ᠎ᠠ ᠶᠢᠨ ᠬᠤᠷᠠᠯ ᠢ ᠡᠷᠭᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠳᠡᠳ᠋ ᠡᠷᠬᠢᠯᠡᠭᠴᠢ ᠪᠦᠦ ᠰᠢᠨ ᠮᠢᠨ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠬᠤ ᠶᠢᠨ ᠲᠣᠭᠤᠷᠢᠨ ᠳᠤ᠂ ᠶᠡᠷᠦᠩᠬᠡᠶ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠸᠠᠩᠰᠢ ᠶᠢᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ᠂ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠪᠦᠬᠦ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠪᠦᠬᠦ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠪᠠᠷ ᠭᠤᠣᠯ ᠰᠡᠳᠦᠪ ᠪᠣᠯᠭᠠᠵᠠᠶ᠃ ᠰᠤᠷᠤᠯᠴᠠᠯᠭ᠎ᠠ ᠶᠢᠨ ᠣᠶᠢᠯᠠᠭᠠᠯᠲᠠ ᠶᠢᠨ ᠰᠣᠯᠢᠯᠴᠠᠭ᠎ᠠ ᠶᠢ ᠥᠷᠨᠢᠭᠦᠯᠪᠡ᠃    ᠰᠢᠤᠢ ᠵᠦᠸᠧ ᠱᠠᠭᠠᠷᠳᠠᠭᠰᠠᠨ ᠨᠢ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ ᠶᠢ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠢᠯᠡ ᠠᠵᠢᠯᠯᠠᠭ᠎ᠠ ᠳᠡᠭᠡᠷ᠎ᠡ ᠪᠠᠨ ᠦᠨᠡᠨ ᠪᠣᠳᠠᠲᠠᠢ ᠢᠯᠡᠷᠡᠭᠦᠯᠬᠦ ᠬᠡᠷᠡᠭᠲᠡᠢ᠃ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠠᠵᠢᠯ ᠢᠶᠠᠨ ᠵᠢᠯᠤᠭᠤᠳᠤᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠯᠴᠠᠭ᠎ᠠ ᠶᠢ ᠢᠮᠠᠭᠲᠠ ᠪᠠᠲᠤᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ᠂ ᠪᠦᠬᠦ ᠠᠶᠢᠮᠠᠭ ᠤᠨ ᠠᠷᠪᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠵᠡᠷᠭᠡ ᠬᠦᠷᠢᠶᠡᠨ ᠳᠤ ᠤᠨᠢᠨ ᠳᠡᠭᠡᠷ᠎ᠡ ᠨᠢ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠬᠡᠷᠡᠭᠲᠡᠢ᠃ ︽ᠲᠤᠯᠤᠭᠠᠨ ᠴᠠᠭ ᠦᠶ᠎ᠡ ᠳᠤ ᠥᠯᠥ ᠨᠡᠶᠢᠴᠡᠬᠦ︾ ᠦᠵᠡᠯ ᠰᠠᠨᠠᠭ᠎ᠠ ᠣᠶᠢᠯᠠᠭᠠᠭᠳᠠᠬᠤᠨ ᠢ ᠲᠠᠶᠠᠭᠳᠠᠵᠤ ᠂ ᠨᠠᠮ ᠤᠨ ᠲᠥᠪ ᠬᠤᠷᠢᠶ᠎ᠠ ᠶᠢᠨ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠣᠳᠠᠲᠠᠶ ᠠᠵᠢᠯᠯᠠᠭ᠎ᠠ ᠳᠠᠭᠠᠨ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠶᠢ ᠣᠯᠵᠤ᠂ ᠮᠠᠨ ᠤ ᠠᠶᠢᠮᠠᠭ ᠤᠨ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠬᠡᠷᠡᠭᠲᠡᠶ ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号