4 ᠨᠣᠭᠤᠭ᠎ᠠ 1500 ᠲᠥᠭᠦᠷᠢᠭ᠂ ᠬᠠᠤᠯᠢ ᠶᠤᠰᠣᠨ ᠤ ᠦᠨ᠎ᠡ ᠤᠤ︖
ᠨᠡᠶᠢᠲᠡᠯᠡᠭᠰᠡᠨ ᠴᠠᠭ᠄
2023/2/7
      ᠭᠤᠸᠠᠩᠰᠢ ᠶᠢᠨ ᠪᠧᠢ ᠬᠠᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽4 ᠨᠣᠭᠤᠭ᠎ᠠ 1500 ᠳᠦᠬᠦᠷᠢᠭ ᠬᠦᠷᠦᠭᠰᠡᠨ︾ ᠭᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ 1 ᠳ᠋ᠣᠭᠡᠷ ᠰᠠᠷ᠎ᠠ ᠶᠢᠨ 28 ᠤ ᠡᠳᠦᠷ ᠨᠡᠶᠢᠲᠡᠯᠡᠨ ᠮᠡᠳᠡᠭᠳᠡᠪᠡ᠃ 2023 ᠣᠨ ᠤ 1 ᠳ᠋ᠣᠭᠡᠷ ᠰᠠᠷ᠎ᠠ ᠶᠢᠨ 24 ᠤ ᠣᠷᠣᠢ ᠪᠧᠢ ᠬᠠᠢ ᠬᠤᠲᠠ ᠳᠤ ᠵᠢᠭᠤᠯᠴᠢᠯᠠᠵᠦ ᠪᠠᠶᠢᠬᠰᠠᠨ ᠵᠢᠭᠤᠯᠴᠢᠨ ᠳᠦᠷᠢᠶᠡᠰᠦᠨ ᠮᠠᠰᠢᠨ ᠢᠶᠠᠷ ᠨᠢᠬᠡ ᠳᠠᠯᠠᠢ ᠶᠢᠨ ᠢᠳᠡᠬᠡᠨ ᠤ ᠭᠠᠵᠠᠷ ᠬᠦᠷᠴᠦ᠂ 4 ᠨᠤᠭᠤᠭ᠎ᠠ ᠵᠠᠬᠢᠶᠠᠯᠠᠬᠤ ᠳᠤ 1587 ᠲᠥᠭᠦᠷᠢᠭ ᠵᠠᠷᠣᠬᠰᠠᠨ ᠪᠠᠶᠢᠪᠠ᠃ ᠪᠠᠶᠢᠴᠠᠭᠠᠭᠰᠠᠨ ᠢᠶᠠᠷ᠂ ᠲᠣᠰ ᠳᠡᠯᠭᠡᠭᠦᠷ ᠨᠢ ᠨᠢᠭᠡᠨᠲᠡ ︽ᠡᠵᠡᠩᠨᠡᠯᠲᠡ ᠶᠢᠨ ᠦᠨᠡᠮᠯᠡᠯ︾᠂ ︽ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠵᠡᠷᠭᠡ ᠬᠠᠤᠯᠢ ᠶᠣᠰᠣᠨ ᠤ ᠦᠨᠡᠮᠯᠡᠯ ᠲᠠᠢ ᠪᠠᠶᠢᠵᠦ᠂ ᠲᠣᠰ ᠳᠡᠯᠭᠡᠭᠦᠷ ᠤᠨ ᠲᠣᠭᠲᠠᠭᠠᠭᠰᠠᠨ ᠦᠨ᠎ᠡ ᠬᠠᠩᠰᠢ ᠨᠢ ᠴᠠᠭᠠᠨ ᠰᠠᠷ᠎ᠠ ᠶᠢᠨ ᠬᠤᠭᠤᠴᠠᠭᠠᠨ ᠳᠠᠬᠢ ᠲᠡᠯᠡᠶ ᠶᠢᠨ ᠢᠳᠡᠭᠡᠨ ᠤ ᠦᠨ᠎ᠡ ᠲᠠᠢ ᠦᠨᠳᠦᠰᠦᠨ ᠳᠡᠭᠡᠨ ᠨᠡᠶᠢᠴᠡᠵᠦ ᠪᠠᠶᠢᠨ᠎ᠠ᠃ ᠬᠠᠷᠢᠨ ᠪᠠᠶᠢᠴᠠᠭᠠᠯᠲᠠ ᠪᠠᠷ ᠳᠡᠮᠵᠢᠨ᠂ ᠲᠣᠰ ᠳᠡᠯᠭᠡᠭᠦᠷ ᠤᠨ ᠬᠢᠨ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠤ ᠰᠠᠭᠤᠳᠬᠠᠯ ᠥᠭᠴᠦ ᠵᠣᠴᠢᠨ ᠲᠠᠲᠠᠬᠤ᠂ ᠬᠡᠷᠡᠭᠯᠡᠭᠴᠢᠳ ᠲᠠᠢ ᠣᠬᠠᠭᠠᠨ ᠢᠶᠠᠨ ᠣᠯᠣᠯᠴᠠᠬᠰᠠᠨ ᠦᠬᠡᠢ ᠪᠠᠷ ᠨᠣᠭᠤᠭ᠎ᠠ ᠪᠠᠨ ᠵᠠᠬᠢᠶᠠᠯᠠᠬᠤ᠂ ᠵᠠᠷᠢᠮ ᠲᠡᠯᠡᠶ ᠶᠢᠨ ᠢᠳᠡᠭᠡᠨ ᠢ ᠬᠤᠭᠤᠯᠠ ᠪᠠᠵᠠᠭᠠᠵᠤ ᠪᠠᠶᠢᠬᠤ ᠳᠠᠭᠠᠨ ᠬᠡᠮᠵᠢᠶ᠎ᠡ ᠶᠢ ᠨᠢ ᠬᠠᠰᠤᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠮᠡᠳᠡᠪᠡ᠃ ᠪᠧᠢ ᠬᠠᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶᠠᠳᠠᠢ ᠰᠠᠯᠠᠭ᠎ᠠ ᠮᠥᠴᠢᠷ ᠠᠴᠠ ᠲᠤᠰ ᠳᠡᠯᠭᠡᠭᠦᠷ ᠢ ᠱᠠᠭᠠᠷᠳᠠᠵᠦ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠬᠡᠷᠡᠭ ᠪᠣᠯᠭᠠᠨ ᠳᠡᠩᠰᠡᠯᠡᠵᠦ ᠰᠢᠢᠳᠬᠡᠵᠡᠢ᠃ ᠳᠡᠯᠭᠡᠭᠦᠷ ᠤᠨ ᠡᠵᠡᠨ ᠬᠡᠷᠡᠭᠯᠡᠭᠴᠢᠳ ᠲᠤ ᠣᠰᠣᠯ ᠬᠦᠯᠢᠶᠡᠵᠦ ᠵᠣᠭᠤᠰ ᠢ ᠨᠢ ᠪᠤᠴᠠᠭᠠᠨ᠎ᠠ ᠭᠡᠵᠦ ᠢᠯᠡᠷᠬᠡᠶᠢᠯᠡᠵᠡᠢ᠃ ᠬᠡᠷᠡᠭ ᠲᠤ ᠬᠤᠯᠪᠣᠭᠳᠠᠭᠰᠠᠨ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠤ᠂ ᠬᠠᠮᠢᠶᠠᠳᠠᠢ ᠰᠠᠯᠠᠭ᠎ᠠ ᠮᠥᠴᠢᠷ ᠠᠴᠠ ᠲᠦᠷᠢᠶᠡᠰᠦᠨ ᠮᠠᠰᠢᠨ ᠲᠡᠷᠭᠡᠨ ᠤ ᠺᠣᠮᠫᠠᠨᠢ ᠶᠢ ᠱᠠᠭᠠᠷᠳᠠᠵᠦ ᠪᠠᠶᠢᠭᠠᠳ ᠲᠡᠭᠦᠨ ᠲᠠᠢ ᠪᠣᠯᠵᠣᠨ ᠶᠠᠷᠢᠯᠴᠠᠬᠤ᠂ ᠵᠣᠭᠤᠰ ᠢᠶᠠᠷ ᠲᠣᠷᠭᠠᠬᠤ ᠪᠠ ᠲᠣᠭᠲᠠᠭᠰᠠᠨ ᠬᠤᠭᠤᠴᠠᠭᠠᠨ ᠳᠤ ᠲᠡᠭᠡᠭᠡᠪᠦᠷᠢᠯᠡᠬᠦ ᠶᠢ ᠨᠢ ᠵᠣᠭᠰᠤᠭᠠᠬᠤ ᠪᠠᠷ ᠰᠢᠢᠳᠬᠡᠵᠡᠢ᠃  
 
ᠢᠷᠡᠯᠲᠡ᠄ ᠳᠤᠮᠳᠠᠳᠤ ᠤᠯᠤᠰ ᠤᠨ ᠮᠤᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号