ᠠᠩᠬᠠᠷ︕ ᠡᠨᠡ 4 ᠪᠦᠯᠦᠭ ᠤᠳᠠᠭ᠎ᠠ ᠶᠢᠨ ᠢᠳᠡᠭᠡᠨ ᠤ ᠵᠦᠢᠯ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠶ︕
ᠨᠡᠶᠢᠲᠡᠯᠡᠭᠰᠡᠨ ᠴᠠᠭ᠄
2023/2/7
    ᠰᠤᠷᠪᠤᠯᠵᠢᠯᠠᠭᠴᠢ 2 ᠰᠠᠷ᠎ᠠ ᠶᠢᠨ 1 ᠤ ᠡᠳᠦᠷ ᠱᠠᠩᠬᠠᠶ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠶᠢᠯᠠᠭᠠᠭᠰᠠᠨ  ᠢᠶᠠᠷ᠂ ᠣᠶᠢᠷ᠎ᠠ ᠳᠤ ᠱᠠᠩᠬᠠᠶ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠰᠤᠭᠤᠴᠢᠨ ᠪᠠᠶᠢᠴᠠᠭᠠᠯᠲᠠ ᠬᠢᠪᠡ᠂ ᠲᠣᠰ ᠤᠳᠠᠭᠠᠨ ᠤ ᠰᠤᠭᠤᠴᠢᠨ ᠪᠠᠶᠢᠴᠠᠭᠠᠯᠲᠠ ᠶᠢᠨ ᠮᠡᠳᠡᠭᠡ ᠵᠠᠩᠭᠢ ᠳᠤ 5 ᠶᠡᠭᠡ ᠲᠥᠷᠥᠯ ᠤᠨ ᠢᠳᠡᠭᠡᠨ ᠳᠤ ᠬᠤᠯᠪᠣᠭᠳᠠᠵᠦ᠂ ᠪᠢᠩᠭᠠᠨ᠂ ᠪᠣᠭᠤᠷᠰᠤᠭ᠂ ᠯᠠᠰᠠᠳᠤ ᠢᠳᠡᠭᠡᠨ᠂ ᠠᠮᠤ ᠪᠤᠳᠠᠭ᠎ᠠ ᠪᠠᠷ ᠪᠣᠯᠪᠠᠰᠤᠷᠠᠭᠤᠯᠤᠭᠰᠠᠨ ᠡᠳ᠋ ᠪᠠ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠢ ᠪᠠᠭᠳᠠᠭᠠᠵᠠᠢ᠃ ᠨᠡᠶᠢᠲᠡ 513 ᠪᠦᠯᠦᠭ ᠤᠳᠠᠭ᠎ᠠ ᠶᠢᠨ ᠥᠯᠢᠭᠡᠷ ᠡᠳ᠋ ᠢ ᠰᠤᠭᠤᠴᠢᠨ ᠪᠠᠶᠢᠴᠠᠭᠠᠵᠦ᠂ ᠡᠭᠦᠨ ᠳᠤ 509 ᠪᠦᠯᠦᠭ ᠤᠳᠠᠭ᠎ᠠ ᠶᠢᠨ ᠥᠯᠢᠭᠡᠷ ᠡᠳ᠋ ᠬᠢᠷᠢ ᠲᠡᠩᠴᠡᠵᠠᠢ᠂ ᠣᠲᠣ 4 ᠪᠦᠯᠦᠭ ᠤᠳᠠᠭ᠎ᠠ ᠶᠢᠨ ᠬᠢᠷᠢ ᠲᠡᠩᠴᠡᠭᠰᠡᠨ ᠥᠬᠡᠶ ᠦᠢᠯᠡᠳᠬᠦᠨ ᠢ ᠨᠡᠶᠢᠲᠡᠯᠡᠰᠦᠭᠡᠢ᠃ ᠬᠢᠷᠢ ᠲᠡᠩᠴᠡᠭᠰᠡᠨ ᠦᠭᠡᠢ ᠦᠯᠢᠭᠡᠷ ᠡᠳ᠋᠄ 1. ᠭᠤᠭᠤᠳ ︵ᠪᠣᠷᠣᠯᠠᠭᠤᠯᠭ᠎ᠠ ᠶᠢᠨ ᠬᠤᠳᠠᠯᠳᠤᠭᠠᠴᠢᠨ ᠨᠢ ᠱᠠᠩᠬᠠᠶ ᠬᠤᠲᠠ ᠶᠢᠨ ᠵᠢᠶᠠ ᠳ᠋ᠢᠩ ᠲᠣᠭᠤᠷᠢᠭ ᠤᠨ ᠬᠤᠸᠠᠩ ᠳ᠋ᠦ᠋ ᠪᠠᠯᠭᠠᠰᠤᠨ ᠤ ᠵᠧᠩ ᠴᠢᠤᠸᠠᠨ ᠢᠳᠡᠰᠢᠨ ᠨᠣᠭᠤᠭ᠎ᠠ ᠶᠢᠨ ᠳᠡᠯᠭᠡᠭᠦᠷ᠂ ᠰᠦᠯᠵᠢᠶᠡᠨ ᠤ ᠳᠡᠯᠭᠡᠭᠦᠷ ᠤᠨ ᠨᠡᠷᠡᠶᠢᠳᠦᠯ ᠥᠯᠥᠰᠪᠡ ᠦᠦ — ᠶᠢᠦ ᠰᠢᠶᠠᠨ ᠨᠢᠭᠡ ᠨᠤᠮᠧᠷᠳᠦ ᠱᠠᠩᠬᠠᠶ ᠶᠢᠨ ᠬᠤᠸᠠᠩ ᠳ᠋ᠦ᠋ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ︶ ᠬᠢᠷᠢ ᠲᠡᠩᠴᠡᠭᠦ ᠥᠬᠡᠶ ᠲᠥᠷᠥᠯ ᠵᠦᠢᠯ᠄ ᠪᠠᠺᠲ᠋ᠧᠷᠢ ᠠᠯᠠᠬᠤ ᠡᠮ ᠹᠦ᠋ ᠮᠸᠢ ᠯᠢ 2. ᠬᠠᠶᠢᠭ᠎ᠠ ᠵᠢᠭᠠᠰᠤ ︵ᠪᠣᠷᠣᠯᠠᠭᠤᠯᠭ᠎ᠠ ᠶᠢᠨ ᠬᠤᠳᠠᠯᠳᠤᠭᠠᠴᠢᠨ ᠨᠢ ᠱᠠᠩᠬᠠᠶ ᠶᠢᠨ ᠵᠢᠩ ᠬᠤᠩ ᠠᠷᠠᠯᠵᠢᠶᠠᠨ ᠤ ᠬᠢᠵᠠᠭᠠᠷᠲᠤ ᠺᠣᠮᠫᠠᠨᠢ︶᠂ ᠬᠢᠷᠢ ᠲᠡᠩᠴᠡᠭᠦ ᠥᠬᠡᠶ ᠲᠥᠷᠥᠯ ᠵᠦᠢᠯ᠄ ᠲᠣᠭᠤᠰ ᠴᠢᠯᠠᠭᠤᠨ ᠨᠣᠭᠤᠭᠠᠨ ᠠᠭᠤᠰᠤᠮᠠᠯ 3. ᠬᠡᠯᠲᠡᠭᠡ ᠵᠢᠭᠠᠰᠤ ︵ᠪᠣᠷᠣᠯᠠᠭᠤᠯᠭ᠎ᠠ ᠶᠢᠨ ᠬᠤᠳᠠᠯᠳᠤᠭᠠᠴᠢᠨ ᠨᠢ ᠱᠠᠩᠬᠠᠶ ᠬᠤᠲᠠ ᠶᠢᠨ ᠹᠧᠩ ᠰᠢᠶᠠᠨ ᠲᠣᠭᠤᠷᠢᠭ ᠤᠨ ᠵᠢᠶᠦ᠋ᠨ ᠶᠧ ᠤᠰᠤᠨ ᠭᠠᠷᠤᠯᠲᠠ ᠶᠢᠨ ᠡᠵᠡᠩᠨᠡᠯᠲᠡ ᠶᠢᠨ ᠭᠠᠵᠠᠷ︶᠂ ᠬᠢᠷᠢ ᠲᠡᠩᠴᠡᠬᠦ ᠦᠭᠡᠶ ᠲᠥᠷᠥᠯ ᠵᠦᠢᠯ᠄ ᠪᠠᠺᠲ᠋ᠧᠷᠢ ᠲᠠᠷᠤᠬᠤ ᠡᠮ ᠡᠸ᠋ᠨ ᠨᠦᠸᠧ ᠱᠠ ᠰᠢᠩ 4. ᠬᠡᠦᠷᠰᠢᠮᠡᠯ ᠰᠢᠬᠢᠷᠲᠦ ᠪᠢᠩᠭᠠᠨ ︵ᠦᠢᠯᠡᠳᠪᠦᠷᠢᠯᠡᠭᠰᠡᠨ ᠬᠤᠳᠠᠯᠳᠤᠭᠠᠴᠢᠨ ᠨᠢ ᠬᠤᠪᠧᠢ ᠶᠢᠨ ᠭᠤᠸᠠᠩ ᠹᠧᠩ ᠢᠳᠡᠭᠡᠨ ᠤ ᠬᠢᠵᠠᠭᠠᠷᠲᠤ ᠺᠣᠮᠫᠠᠨᠢ᠂ ᠪᠣᠷᠣᠯᠠᠭᠤᠯᠭ᠎ᠠ ᠶᠢᠨ ᠬᠤᠳᠠᠯᠳᠤᠭᠠᠴᠢᠨ ᠨᠢ ᠱᠠᠩᠬᠠᠢ ᠬᠤᠲᠠ ᠶᠢᠨ ᠹᠧᠩ ᠰᠢᠶᠠᠨ ᠲᠣᠭᠤᠷᠢᠭ ᠤᠨ ᠯᠠᠢ ᠹᠧᠨ ᠢᠳᠡᠭᠡᠨ ᠤ ᠳᠡᠯᠭᠡᠭᠦᠷ︶᠂ ᠬᠢᠷᠢ ᠲᠡᠩᠴᠡᠬᠦ ᠦᠭᠡᠢ ᠲᠥᠷᠦᠯ ᠵᠦᠢᠯ᠄ ᠬᠡᠲᠦ ᠢᠰᠦᠯᠳᠦᠯ ᠤᠨ ᠬᠡᠮᠵᠢᠭᠳᠡᠯ ︵ᠦᠭᠡᠭᠦᠨ ᠤ ᠬᠡᠮᠵᠢᠬᠦᠷ ᠢᠶᠠᠷ ᠪᠣᠳᠣᠪᠠ︶    
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号