ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠦᠢᠯᠡᠳᠪᠦᠷᠢᠯᠡᠯ ᠳᠤ ᠶᠠᠭᠠᠷᠠᠵᠤ ᠪᠠᠶᠢᠨ᠎ᠠ
ᠨᠡᠶᠢᠲᠡᠯᠡᠭᠰᠡᠨ ᠴᠠᠭ᠄
2023/2/8
 
   ᠤᠯᠠᠭᠠᠨᠬᠤᠲᠠ ᠶᠢᠨ ᠱᠦᠨ ᠶᠤᠸᠠᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠴᠠᠬᠢᠯᠭᠠᠨ ᠭᠠᠩᠨᠠᠭᠤᠷ ᠤᠨ ᠮᠠᠰᠢᠨ ᠤ ᠠᠳᠬᠤᠭᠠᠯ ᠤᠨ ᠠᠦ᠋ᠲ᠋ᠣ᠋ ᠭᠠᠩᠨᠠᠯᠲᠠ ᠶᠢᠨ ᠲᠥᠬᠦᠭᠡᠷᠦᠮᠵᠢ᠂ ᠠᠵᠢᠯᠴᠢᠨ ᠤ ᠤᠭᠰᠠᠷᠠᠯᠲᠠ ᠶᠢᠨ ᠲᠥᠬᠦᠭᠡᠷᠦᠮᠵᠢ ᠵᠡᠷᠭᠡ ᠶᠠᠭᠠᠷᠠᠯᠲᠠᠢ ᠪᠠᠶᠢᠯ᠎ᠠ᠃ ᠨᠢᠳᠤᠨᠤᠨ ᠲᠤᠰ ᠺᠣᠮᠫᠠᠨᠢ 600 ᠭᠠᠷᠤᠶ ᠲᠠᠷᠢᠶᠠᠯᠠᠩ ᠤᠨ ᠮᠠᠰᠢᠨ ᠢ ᠦᠢᠯᠡᠳᠪᠦᠷᠢᠯᠡᠨ ᠪᠣᠷᠣᠯᠠᠭᠤᠯᠵᠤ᠂ ᠵᠢᠯ ᠤᠨ ᠪᠣᠷᠣᠯᠠᠭᠤᠯᠭ᠎ᠠ ᠶᠢᠨ ᠬᠡᠮᠵᠢᠶ᠎ᠡ ᠨᠢ 7000 ᠭᠠᠷᠤᠶ ᠲᠦᠮᠡᠨ ᠲᠥᠭᠦᠷᠢᠭ ᠲᠤ ᠬᠦᠷᠴᠡᠶ︔ ᠡᠨᠡ ᠵᠢᠯ ᠤᠨ ᠵᠠᠬᠢᠶᠠᠯᠠᠭ᠎ᠠ ᠶᠢᠨ ᠬᠠᠭᠤᠳᠠᠰᠤ 800 ᠭᠠᠷᠤᠶ ᠲᠠᠷᠢᠶᠠᠯᠠᠩ ᠤᠨ ᠮᠠᠰᠢᠨ ᠳᠤ ᠬᠦᠷᠴᠦ᠂ 1000 ᠭᠠᠷᠤᠶ ᠲᠠᠷᠢᠶᠠᠯᠠᠩ ᠤᠨ ᠮᠠᠰᠢᠨ ᠢ ᠦᠢᠯᠡᠳᠪᠦᠷᠢᠯᠡᠬᠦ ᠪᠠᠷ ᠲᠥᠯᠥᠪᠯᠡᠵᠦ᠂ ᠵᠢᠱᠢᠯᠲᠡ ᠪᠠᠷ ᠪᠣᠷᠣᠯᠠᠭᠤᠯᠭ᠎ᠠ ᠶᠢᠨ ᠬᠡᠮᠵᠢᠶ᠎ᠡ ᠨᠢ ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠤᠨ᠎ᠠ᠃ ᠣᠶᠢᠯᠠᠭᠠᠭᠰᠠᠨ ᠢᠶᠠᠷ᠂ ᠲᠣᠰ ᠺᠣᠮᠫᠠᠨᠢ ᠶᠢᠨ ᠣᠲᠣ ᠪᠠᠶᠢᠭ᠎ᠠ ᠲᠠᠷᠢᠶᠠᠯᠠᠩ ᠤᠨ ᠮᠠᠰᠢᠨ ᠤ ᠡᠭᠦᠳᠦᠯᠲᠡ ᠶᠢᠨ ᠲᠤᠰᠬᠠᠶ ᠠᠰᠢᠭ ᠤᠨ ᠡᠷᠬᠡ 26 ᠵᠦᠢᠯ ᠪᠠᠶᠢᠵᠤ᠂  ᠦᠢᠯᠡᠳᠭᠦᠨ ᠢᠶᠠᠨ ᠬᠢᠩᠭᠠᠨ ᠠᠶᠢᠮᠠᠭ ᠤᠨ ᠲᠣᠰ ᠭᠠᠵᠠᠷ ᠲᠤ ᠪᠣᠷᠣᠯᠠᠭᠤᠯᠬᠤ ᠠᠴᠠ ᠭᠠᠳᠠᠨ᠎ᠠ ᠪᠠᠰᠠ ᠬᠠᠷᠠᠮᠥ᠋ᠷᠡᠨ᠂ ᠭᠢᠷᠢᠨ᠂ ᠯᠢᠶᠣᠤᠨᠢᠩ᠂ ᠱᠠᠨ ᠰᠢ᠂ ᠰᠢᠨᠵᠢᠶᠠᠩ ᠵᠡᠷᠭᠡ ᠭᠠᠵᠠᠷ ᠲᠤ ᠪᠣᠷᠣᠯᠠᠭᠤᠯᠬᠤ ᠪᠠᠷ ᠪᠠᠶᠢᠨ᠎ᠠ᠃    ᠰᠤᠷᠪᠤᠯᠵᠢᠯᠠᠭᠴᠢ  ᠪᠢᠯᠢᠭ ᠰᠡᠭᠦᠳᠡᠷᠯᠡᠪᠡ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号