ᠯᠢᠨ ᠬᠠᠢ ᠵᠡᠭᠡᠯᠢ ᠶᠢᠨ ᠲᠢᠶᠠᠨ ᠶᠤᠸᠠᠨ ᠨᠡᠶᠢᠭᠡᠮ ᠲᠣᠭᠤᠷᠢᠭ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢᠶᠠᠨ ᠬᠠᠮᠲᠤ ᠪᠠᠷ ᠪᠡᠯᠭᠡᠯᠡᠵᠡᠢ
ᠨᠡᠶᠢᠲᠡᠯᠡᠭᠰᠡᠨ ᠴᠠᠭ᠄
2023/2/9
    ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠠᠷᠢᠶ᠎ᠠ ᠣᠷᠣᠨ ᠤ ᠪᠠᠨ ᠡᠶ᠎ᠡ ᠵᠣᠬᠢᠴᠠᠯ ᠲᠠᠢ᠂ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ᠂ ᠨᠠᠮ ᠤᠨ ᠭᠡᠰᠢᠭᠦᠳ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 2 ᠰᠠᠷ᠎ᠠ ᠶᠢᠨ 3 ᠤ ᠡᠳᠦᠷ᠂ ᠷᠠᠰᠢᠶᠠᠨ ᠬᠤᠳᠠ ᠶᠢᠨ ᠯᠢᠨ ᠬᠠᠢ ᠵᠡᠭᠡᠯᠢ ᠶᠢᠨ ᠲᠢᠶᠠᠨ ᠶᠤᠸᠠᠨ ᠨᠡᠶᠢᠭᠡᠮ ᠲᠣᠭᠤᠷᠢᠭ ᠤᠨ ᠬᠢᠨ ᠨᠠᠮ ᠤᠨ ᠭᠡᠰᠢᠭᠦᠨ᠂ ᠰᠠᠭᠤᠭᠠᠯᠢ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ︽ᠨᠠᠮ ᠪᠡ ᠣᠯᠠᠨ ᠲᠦᠮᠡᠨ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢᠶᠠᠨ ᠬᠠᠮᠲᠤ ᠪᠠᠷ ᠪᠡᠯᠭᠡᠯᠡᠬᠦ︾ ᠠᠵᠢᠯᠯᠠᠭ᠎ᠠ ᠥᠷᠨᠢᠭᠦᠯᠪᠡ᠃ ᠲᠤᠰ ᠠᠵᠢᠯᠯᠠᠭ᠎ᠠ ᠨᠢ ᠨᠠᠮ ᠤᠨ ᠭᠡᠰᠢᠭᠦᠨ᠂ ᠰᠠᠭᠤᠭᠠᠯᠢ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ︽ᠥᠯᠵᠡᠶᠢᠲᠦ ᠡᠳᠣᠷ ᠤᠨ ᠢᠷᠡᠯᠲᠡ ᠪᠠ ᠵᠠᠩ ᠦᠢᠯᠡ︾ ᠶᠢᠨ ᠲᠣᠬᠠᠢ ᠰᠣᠨᠢᠷᠬᠠᠵᠣ᠂ ᠳᠤᠮᠳᠠᠳᠤ  ᠶᠢᠨ ᠦᠨᠳᠦᠰᠦᠲᠡᠨ ᠤ ᠡᠷᠲᠡᠨ ᠤ ᠤᠯᠠᠮᠵᠢᠯᠠᠯᠲᠤ ᠪᠠᠶᠠᠷ ᠤᠨ ᠡᠳᠦᠷ ᠢ ᠠᠮᠢᠳᠤᠯᠢᠭ ᠰᠠᠶᠢᠬᠠᠨ ᠦᠯᠢᠭᠡᠷ ᠢᠶᠠᠷ ᠳᠦᠷᠰᠦᠯᠡᠨ ᠲᠣᠭᠠᠴᠢᠵᠤ᠂ ᠥᠯᠵᠡᠶᠢᠲᠦ ᠡᠳᠣᠷ ᠤᠨ ᠪᠠᠶᠠᠷ ᠢ ᠣᠯᠠᠨ ᠳᠤ ᠣᠶᠢᠯᠠᠭᠠᠭᠤᠯᠤᠭᠰᠠᠨ ᠪᠠᠶᠢᠨ᠎ᠠ᠃ ᠳᠠᠷᠠᠭ᠎ᠠ ᠪᠠᠷ ᠨᠢ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ᠂ ᠰᠠᠭᠤᠭᠠᠯᠢ ᠠᠷᠠᠳ ᠤᠨ ᠲᠥᠯᠥᠭᠡᠯᠡᠭᠴᠢᠳ ᠲᠤᠰ ᠲᠤᠰ ︽ᠴᠠᠭᠠᠨ ᠰᠠᠷ᠎ᠠ ᠶᠢᠨ ᠠᠷᠪᠠᠨ ᠲᠠᠪᠤᠨ ᠤ ᠰᠥᠨᠢ︾ ᠵᠡᠷᠭᠡ ᠰᠣᠩᠭᠤᠳᠠᠭ ᠰᠢᠯᠦᠭ ᠳᠠᠭᠤᠯᠠᠯ ᠢ ᠤᠩᠰᠢᠵᠣ ᠦᠭᠴᠠᠢ᠃ ᠬᠠᠮᠤᠭ ᠤᠨ ᠰᠡᠭᠦᠯ ᠳᠤ ᠨᠠᠮ ᠤᠨ ᠭᠡᠰᠢᠭᠦᠨ ᠤᠯᠠᠨ ᠲᠦᠮᠡᠨ ᠲᠦᠷ ᠴᠠᠭ ᠬᠤᠶᠠᠷ ᠲᠤᠭᠤᠶᠢᠯᠠᠩ ᠵᠣᠬᠢᠶᠠᠨ ᠪᠠᠶᠢᠭᠤᠯᠵᠤ᠂ ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ PK ᠤᠷᠤᠯᠳᠤᠭᠠᠨ ᠶᠠᠪᠤᠭᠳᠠᠭᠤᠯᠵᠠᠢ᠃ PK ᠤᠷᠤᠯᠳᠤᠭᠠᠨ ᠢᠶᠠᠷ ᠳᠡᠮᠵᠢᠨ ᠤᠯᠠᠮᠵᠢᠯᠠᠯᠲᠤ ᠠᠵᠢᠯᠯᠠᠭ᠎ᠠ ᠶᠢ ᠤᠯᠠᠮ ᠰᠢᠨ᠎ᠡ ᠰᠣᠷᠭᠤᠭ ᠠᠮᠢᠵᠢᠷᠠᠯ ᠤᠨ ᠬᠦᠴᠦᠨ ᠲᠠᠢ ᠪᠣᠯᠭᠠᠵᠤ᠂ ᠰᠢᠨ᠎ᠡ ᠰᠡᠪᠡᠭᠦᠨ ᠬᠡᠯᠪᠡᠷᠢ ᠪᠠᠷ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ APP ᠶᠢᠨ ᠬᠡᠷᠡᠭᠯᠡᠯᠲᠡ ᠪᠠ ᠰᠤᠷᠤᠯᠴᠠᠯᠭ᠎ᠠ ᠶᠢ ᠴᠢᠩᠭᠠᠳᠬᠠᠪᠠ᠃ ᠯᠢᠨ ᠬᠠᠢ ᠵᠡᠭᠡᠯᠢ ᠶᠢᠨ ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠬᠠᠯᠠᠭᠤᠨ ᠳᠤᠯᠠᠭᠠᠨ᠂ ᠪᠠᠶᠠᠷ ᠬᠥᠷ ᠲᠠᠢ᠂ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ ᠥᠭᠭᠦᠭᠰᠡᠨ ᠢᠶᠠᠷ ᠪᠠᠷᠠᠬᠤ ᠦᠭᠡᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ ᠪᠠ ᠵᠠᠩ ᠦᠢᠯᠡ ᠶᠢ ᠮᠡᠳᠡᠷᠡᠬᠦ ᠰᠡᠳᠬᠢᠯᠭᠡ ᠶᠢ ᠨᠠᠩ ᠭᠦᠨᠵᠡᠭᠡᠶᠢᠷᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠢᠶᠠᠨ ᠶᠤᠸᠠᠨ ᠨᠡᠶᠢᠭᠡᠮ ᠲᠣᠭᠤᠷᠢᠭ ᠤᠨ ᠬᠢᠨ ᠴᠦ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠵᠢᠯᠣᠭᠤᠳᠤᠯᠭ᠎ᠠ ᠲᠤᠤᠷ᠎ᠠ ᠤᠯᠠᠨ ᠲᠦᠮᠡᠨ ᠲᠠᠢ ᠣᠶᠢᠷᠠᠳᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠨᠡᠩ ᠤᠯᠠᠨ ᠠᠵᠢᠯᠯᠠᠭ᠎ᠠ ᠶᠢ ᠥᠷᠨᠢᠭᠦᠯᠵᠦ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠳᠠᠰᠤᠷᠠᠯᠳᠠ ᠦᠭᠡᠢ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃    
 
ᠢᠷᠡᠯᠲᠡ᠄ ᠷᠠᠰᠢᠶᠠᠨ ᠬᠤᠳᠠ ᠵᠢᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号