ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠭᠢᠯᠡᠭᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠵᠥᠪ ᠢᠶᠠᠷ ᠣᠶᠢᠯᠠᠭᠠᠵᠤ ᠶᠡᠭᠡ ᠪᠠᠷ ᠠᠬᠢᠭᠤᠯᠬᠤ ᠬᠡᠷᠡᠭᠲᠡᠢ ᠯᠢ ᠴᠢᠶᠠᠩ ᠰᠤᠷᠤᠯᠭ᠎ᠠ ᠡᠭᠢᠯᠡᠭᠦ ᠶᠣᠰᠣᠯᠠᠯ ᠢ ᠡᠷᠭᠢᠯᠡᠵᠦ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠣᠷᠣᠯᠴᠠᠪᠠ
ᠨᠡᠶᠢᠲᠡᠯᠡᠭᠰᠡᠨ ᠴᠠᠭ᠄
2023/2/9
     ᠨᠠᠮ ᠤᠨ ᠲᠥᠪ ᠬᠤᠷᠢᠶ᠎ᠠ ᠳᠤ ᠰᠢᠨ᠎ᠡ ᠪᠠᠷ ᠣᠷᠣᠭᠰᠠᠨ ᠭᠡᠰᠢᠭᠦᠨ᠂ ᠣᠷᠣᠯᠠᠭᠴᠢ ᠭᠡᠰᠢᠭᠦᠨ ᠪᠣᠯᠣᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ 7 ᠤ ᠦᠳᠡ ᠶᠢᠨ ᠡᠮᠦᠨ᠎ᠡ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠭᠢᠯᠡᠭᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠢ ᠬᠤᠷᠢᠶᠠᠩᠭᠤᠶᠢᠯᠠᠨ ᠳᠤᠷᠠᠳᠬᠤ ᠶᠢᠨ ᠬᠠᠮᠲᠤ ᠭᠦᠨᠵᠡᠭᠡᠢ ᠲᠣᠳᠣᠷᠬᠠᠶᠢᠯᠠᠨ ᠥᠭᠦᠯᠡᠭᠰᠡᠨ ᠶᠠᠪᠤᠳᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠨᠢᠭᠡᠨ ᠴᠢᠬᠤᠯᠠ ᠶᠡᠭᠡ ᠤᠨᠤᠯ ᠤᠨ ᠰᠢᠨ᠎ᠡ ᠡᠭᠦᠳᠦᠯᠲᠡ ᠮᠥᠨ᠂ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠤᠨ ᠬᠠᠮᠤᠭ ᠤᠨ ᠰᠢᠨ᠎ᠡ ᠴᠢᠬᠤᠯᠠ ᠶᠡᠭᠡ ᠦᠷ᠎ᠡ ᠪᠦᠲᠦᠭᠡᠯ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠮᠠᠨ ᠤ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠤᠷᠲᠤ ᠬᠤᠭᠤᠴᠠᠭᠠᠨ ᠤ ᠰᠦᠪᠡᠭᠴᠢᠯᠡᠯᠲᠡ ᠪᠠ ᠦᠢᠯᠡᠳᠦᠯᠭᠡ ᠶᠢᠨ ᠳᠤᠮᠳᠠ ᠲᠦᠮᠡᠨ ᠪᠡᠷᠬᠡ ᠮᠢᠩᠭᠠᠨ ᠵᠣᠪᠠᠭᠤᠷᠢ ᠶᠢ ᠲᠤᠭᠤᠯᠵᠤ᠂ ᠯᠤᠲᠤ ᠶᠡᠭᠡ ᠦᠷᠡᠭᠳᠡᠯ ᠭᠠᠷᠭᠠᠵᠤ ᠪᠠᠶᠢᠭᠠᠳ ᠣᠯᠣᠭᠰᠠᠨ ᠴᠢᠬᠤᠯᠠ ᠶᠡᠭᠡ ᠦᠷ᠎ᠡ ᠪᠦᠲᠦᠭᠡᠯ ᠮᠥᠨ᠂ ᠪᠢᠳᠡ ᠡᠷᠬᠡᠪᠰᠢ ᠬᠤᠪᠢ ᠳᠠᠭᠢᠨ ᠨᠠᠨᠳᠢᠩᠨᠠᠵᠤ᠂ ᠢᠮᠠᠭᠲᠠ ᠪᠠᠷᠢᠮᠲᠠᠯᠠᠵᠤ᠂ ᠲᠠᠰᠤᠷᠠᠯᠲᠠ ᠦᠭᠡᠢ ᠥᠷᠭᠡᠳᠬᠡᠨ ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ ᠰᠤᠷᠤᠯᠭ᠎ᠠ ᠡᠭᠢᠯᠡᠭᠦ ᠶᠣᠰᠣᠯᠠᠯ ᠢ ᠡᠷᠭᠢᠯᠡᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠣᠷᠣᠯᠴᠠᠵᠠᠢ᠃ ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠣᠶᠢᠷ᠎ᠠ ᠦᠶ᠎ᠡ ᠠᠴᠠ ᠨᠠᠭᠠᠰᠢᠬᠢ ᠳᠤᠮᠳᠠᠳᠤ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠵᠡᠭᠦᠳᠦ ᠮᠥᠨ᠂ ᠲᠤᠭ᠎ᠠ ᠲᠣᠮᠰᠢ ᠦᠭᠡᠢ ᠴᠢᠬᠡᠴᠢ ᠵᠢᠷᠤᠮᠲᠠᠨ ᠡᠭᠦᠨ ᠤ ᠲᠥᠯᠥᠭᠡ ᠬᠠᠲᠠᠭᠤᠵᠢᠯᠲᠠᠢ ᠰᠦᠪᠡᠭᠴᠢᠯᠡᠵᠦ᠂ ᠡᠯ᠎ᠡ ᠵᠦᠢᠯ ᠤᠨ ᠲᠤᠷᠰᠢᠴᠠ ᠶᠢ ᠬᠢᠭᠰᠡᠨ ᠪᠤᠯᠪᠠᠴᠤ ᠴᠥᠮ ᠢᠯᠠᠭᠳᠠᠯ ᠢᠶᠠᠷ ᠲᠡᠭᠦᠰᠪᠡ᠃ ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠵᠠᠮ ᠢ ᠰᠦᠪᠡᠭᠴᠢᠯᠡᠬᠦ ᠬᠦᠨᠳᠦ ᠡᠭᠦᠷᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠡᠶ᠎ᠡ ᠳᠡᠭᠡᠷ᠎ᠡ ᠲᠡᠦᠬᠡᠨ ᠶᠣᠰᠣᠭᠠᠷ ᠲᠠᠯᠪᠢᠭᠳᠠᠪᠠ᠃ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠳᠤ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠴᠢᠰᠤ ᠤᠷᠤᠰᠬᠠᠨ ᠡᠷᠡᠯᠬᠡᠭᠯᠡᠨ ᠪᠠᠶᠢᠯᠳᠤᠵᠤ᠂ ᠨᠤᠭᠤᠷᠠᠰᠢ ᠦᠭᠡᠢ ᠲᠡᠮᠡᠴᠡᠵᠦ᠂ ᠤᠮᠠᠷᠠᠰᠢ ᠳᠠᠶᠢᠯᠠᠬᠤ ᠲᠠᠶᠢᠨ᠂ ᠭᠠᠵᠠᠷ ᠰᠢᠷᠣᠢ ᠶᠢᠨ ᠬᠤᠪᠢᠰᠬᠠᠯᠲᠤ ᠲᠠᠶᠢᠨ᠂ ᠶᠠᠫᠤᠨ ᠢ ᠡᠰᠡᠷᠭᠦᠴᠡᠬᠦ ᠲᠠᠶᠢᠨ᠂ ᠴᠢᠯᠦᠭᠡᠯᠡᠬᠦ ᠲᠠᠶᠢᠨ ᠢ ᠥᠩᠭᠡᠷᠡᠭᠡᠭᠡᠳ᠂ ᠡᠵᠡᠷᠬᠡᠭ ᠲᠦᠷᠢᠮᠡᠬᠡᠢ ᠶᠣᠰᠣ᠂ ᠹᠧᠣᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠵᠡᠷᠭᠡ ᠭᠤᠷᠪᠠᠨ ᠶᠡᠭᠡ ᠠᠭᠤᠯᠠ ᠶᠢ ᠨᠤᠷᠠᠭᠠᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠰᠡᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠵᠤ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠦᠭᠡᠯᠡᠯᠲᠡ ᠶᠢ ᠪᠡᠶᠡᠯᠡᠭᠦᠯᠵᠦ᠂ ᠣᠳᠣᠬᠢᠴᠢᠯᠠᠯᠲᠠ ᠶᠢ ᠪᠡᠶᠡᠯᠡᠭᠦᠯᠬᠦ ᠳᠤ ᠨᠡᠶᠢᠭᠡᠮ ᠤᠨ ᠦᠨᠳᠦᠰᠦᠨ ᠨᠥᠬᠦᠴᠡᠯ ᠢ ᠡᠭᠦᠳᠴᠦ ᠥᠭᠭᠦᠭᠰᠡᠨ ᠪᠠᠶᠢᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠲᠤ ᠬᠤᠪᠢᠰᠬᠠᠯ ᠬᠢᠵᠦ᠂ ᠳᠤᠮᠳᠠᠳᠤ ᠤᠯᠤᠰ ᠲᠤ ᠬᠡᠳᠦᠨ ᠮᠢᠩᠭᠠᠨ ᠵᠢᠯ ᠦᠷᠭᠦᠯᠵᠢᠯᠡᠭᠰᠡᠨ ᠹᠧᠣᠳᠠᠯ ᠤᠨ ᠪᠠᠶᠢᠭᠤᠯᠤᠯ ᠢ ᠤᠰᠠᠳᠬᠠᠵᠤ᠂ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷᠡᠬᠢ ᠬᠠᠮᠤᠭ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠨᠡᠶᠢᠭᠡᠮ ᠤᠨ ᠬᠤᠪᠢᠰᠤᠯᠲᠠ ᠶᠢ ᠪᠡᠶᠡᠯᠡᠭᠦᠯᠵᠦ᠂ ᠪᠡᠶ᠎ᠡ ᠪᠠᠨ ᠳᠠᠭᠠᠭᠠᠭᠰᠠᠨ ᠨᠡᠯᠢᠶᠡᠳ ᠪᠦᠷᠢᠨ ᠪᠦᠲᠦᠨ ᠠᠵᠤ ᠦᠢᠯᠡᠳᠪᠦᠷᠢ ᠶᠢᠨ ᠰᠢᠰᠲ᠋ᠧᠮ ᠪᠠ ᠤᠯᠤᠰ ᠠᠷᠠᠳ ᠤᠨ ᠠᠵᠤ ᠠᠬᠤᠢ ᠶᠢᠨ ᠰᠢᠰᠲ᠋ᠧᠮ ᠢ ᠪᠠᠶᠢᠭᠤᠯᠵᠤ᠂ ᠨᠡᠶᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠥᠪᠡᠷᠮᠢᠴᠡ ᠪᠦᠲᠦᠭᠡᠯᠴᠢ ᠴᠢᠨᠠᠷᠲᠠᠢ ᠤᠨᠤᠯ ᠤᠨ ᠦᠷ᠎ᠡ ᠪᠦᠲᠦᠭᠡᠯ ᠪᠠ ᠯᠤᠲᠤ ᠶᠡᠭᠡ ᠠᠮᠵᠢᠯᠲᠠ ᠪᠦᠲᠦᠮᠵᠢ ᠣᠯᠵᠤ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠤᠯᠤᠰ ᠲᠦᠷᠦ ᠶᠢᠨ ᠦᠨᠳᠦᠰᠦᠨ ᠤᠷᠢᠲᠠᠯ ᠨᠥᠬᠦᠴᠡᠯ ᠪᠠ ᠡᠷᠬᠢᠮ ᠨᠠᠨᠳᠢᠨ ᠲᠤᠷᠰᠢᠯᠭ᠎ᠠ᠂ ᠤᠨᠤᠯ ᠤᠨ ᠪᠡᠯᠡᠳᠬᠡᠯ᠂ ᠪᠣᠳᠠᠰ ᠤᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠳᠤ ᠮᠠᠨ ᠤ ᠨᠠᠮ ᠨᠠᠮ ᠪᠣᠯᠣᠨ ᠤᠯᠤᠰ ᠤᠨ ᠠᠵᠢᠯ ᠤᠨ ᠭᠤᠣᠯᠳᠠᠯᠭ᠎ᠠ ᠶᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠡᠭᠡᠷ᠎ᠡ ᠰᠢᠯᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠬᠢᠬᠦ ᠲᠡᠦᠬᠡᠲᠦ ᠴᠢᠨᠠᠷᠲᠠᠢ ᠰᠢᠢᠳᠪᠦᠷᠢᠲᠦ ᠪᠣᠳᠣᠯᠭ᠎ᠠ ᠶᠢ ᠲᠣᠭᠲᠠᠭᠠᠵᠤ᠂ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠡᠭᠦᠳᠦᠯᠲᠡ᠂ ᠪᠠᠶᠢᠭᠤᠯᠤᠯ ᠤᠨ ᠰᠢᠨ᠎ᠡ ᠡᠭᠦᠳᠦᠯᠲᠡ᠂ ᠰᠣᠶᠣᠯ ᠤᠨ ᠰᠢᠨ᠎ᠡ ᠡᠭᠦᠳᠦᠯᠲᠡ ᠵᠢᠴᠢ ᠪᠤᠰᠤᠳ ᠡᠯ᠎ᠡ ᠲᠠᠯ᠎ᠠ ᠶᠢᠨ ᠰᠢᠨ᠎ᠡ ᠡᠭᠦᠳᠦᠯᠲᠡ ᠶᠢ ᠶᠡᠭᠡ ᠪᠠᠷ ᠠᠬᠢᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠬᠡᠷᠡᠭᠵᠢᠭᠦᠯᠵᠦ᠂ ᠦᠢᠯᠡᠳᠪᠦᠷᠢᠯᠡᠯ ᠤᠨ ᠬᠦᠴᠦᠨ ᠬᠠᠷᠢᠴᠠᠩᠭᠤᠢ ᠪᠠᠷ ᠬᠤᠴᠤᠷᠤᠩᠭᠤᠢ ᠪᠠᠶᠢᠭᠰᠠᠨ ᠪᠠᠶᠢᠳᠠᠯ ᠠᠴᠠ ᠪᠠᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠬᠤᠶᠠᠳᠤᠭᠠᠷ ᠲᠤ ᠣᠷᠣᠭᠰᠠᠨ ᠲᠡᠦᠬᠡᠲᠦ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠢᠳᠡᠵᠦ ᠡᠮᠦᠰᠭᠦ ᠳᠡᠭᠡᠨ ᠵᠥᠪ ᠦᠭᠡᠢ ᠪᠠᠶᠢᠭᠰᠠᠨ ᠠᠴᠠ ᠶᠡᠷᠦᠩᠬᠡᠢ ᠳᠡᠭᠡᠨ ᠴᠢᠨᠡᠭᠡᠯᠢᠭ ᠪᠣᠯᠵᠤ᠂ ᠪᠦᠭᠦ ᠲᠠᠯ᠎ᠠ ᠪᠠᠷ ᠴᠢᠨᠡᠭᠡᠯᠢᠭᠵᠢᠬᠦ ᠲᠡᠶᠢᠰᠢ ᠤᠷᠤᠭᠰᠢᠯᠠᠬᠤ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠪᠠᠶᠢᠭᠤᠯᠤᠯ ᠤᠨ ᠪᠠᠲᠤᠯᠠᠭ᠎ᠠ ᠪᠠ ᠲᠦᠷᠭᠡᠨ ᠬᠥᠭᠵᠢᠯᠲᠡ ᠶᠢᠨ ᠪᠣᠳᠠᠰ ᠤᠨ ᠨᠥᠬᠦᠴᠡᠯ ᠢ ᠬᠠᠩᠭᠠᠪᠠ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ᠤᠤᠯ ᠤᠨ ᠰᠠᠭᠤᠷᠢᠨ ᠳᠡᠭᠡᠷ᠎ᠡ ᠪᠠᠨ ᠦᠷᠭᠦᠯᠵᠢᠯᠡᠨ ᠤᠷᠤᠭᠰᠢᠯᠠᠵᠤ᠂ ᠤᠨᠤᠯ ᠪᠠ ᠦᠢᠯᠡᠳᠦᠯᠭᠡ ᠶᠢᠨ ᠲᠠᠯ᠎ᠠ ᠪᠠᠷ ᠰᠢᠨ᠎ᠡ ᠶᠢ ᠡᠭᠦᠳᠭᠦ ᠰᠢᠪᠲᠤᠯᠤᠯᠲᠠ ᠶᠢ ᠲᠠᠰᠤᠷᠠᠯᠳᠠ ᠦᠭᠡᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠠ ᠲᠠᠢ ᠠᠬᠢᠭᠤᠯᠵᠤ ᠥᠷᠭᠡᠳᠬᠡᠪᠡ᠃ ᠪᠢᠳᠡ ᠲᠠᠨᠢᠯᠲᠠ ᠶᠢᠨ ᠲᠠᠯ᠎ᠠ ᠪᠠᠷ ᠲᠠᠰᠤᠷᠠᠯᠲᠠ ᠦᠭᠡᠢ ᠭᠦᠨᠵᠡᠭᠡᠶᠢᠷᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠭᠦᠳᠴᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠦᠰᠦᠷᠦᠯᠲᠡ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠯᠬᠤᠨ ᠪᠠ ᠮᠥᠨ ᠴᠢᠨᠠᠷ ᠤᠨ ᠲᠤᠬᠠᠢ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ ᠪᠠ ᠴᠢᠬᠤᠯᠠ ᠶᠡᠭᠡ ᠵᠠᠷᠴᠢᠮ ᠢ ᠬᠤᠷᠢᠶᠠᠩᠭᠤᠶᠢᠯᠠᠨ ᠪᠦᠷᠢᠯᠳᠦᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠤᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠨᠡᠩ ᠲᠣᠳᠣᠷᠬᠠᠢ᠂ ᠨᠡᠩ ᠰᠢᠨᠵᠢᠯᠡᠬᠦ ᠤᠬᠠᠭᠠᠨᠴᠢ᠂ ᠨᠡᠩ ᠢᠯᠡᠭᠦᠦ ᠣᠶᠢᠯᠠᠭᠠᠮᠵᠢᠲᠠᠢ ᠪᠥᠭᠡᠳ ᠪᠣᠯᠣᠮᠵᠢᠲᠠᠢ ᠪᠣᠯᠭᠠᠪᠠ ᠃ ᠪᠢᠳᠡ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠵᠡᠷᠭᠡ ᠠᠯᠢ ᠣᠯᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠪᠠᠲᠤ ᠴᠢᠩᠭ᠎ᠠ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠪᠠ᠃ ᠪᠢᠳᠡ ᠦᠢᠯᠡᠳᠦᠯᠭᠡ ᠶᠢᠨ ᠲᠠᠯ᠎ᠠ ᠪᠠᠷ ᠲᠠᠰᠤᠷᠠᠯᠳᠠ ᠦᠭᠡᠢ ᠪᠠᠶᠠᠯᠢᠭᠵᠢᠭᠤᠯᠵᠤ᠂ ᠠᠯᠢ ᠤᠯᠠᠨ ᠬᠤᠪᠢᠰᠤᠯᠲᠠ ᠶᠢᠨ ᠴᠢᠨᠠᠷᠲᠠᠢ ᠦᠢᠯᠡᠳᠦᠯᠭᠡ ᠶᠢ ᠠᠬᠢᠭᠤᠯᠵᠤ᠂ ᠠᠯᠢ ᠤᠯᠠᠨ ᠰᠢᠪᠲᠤᠯᠤᠯᠲᠠ ᠶᠢᠨ ᠴᠢᠨᠠᠷᠲᠠᠢ ᠠᠬᠢᠴᠠ ᠶᠢ ᠪᠡᠶᠡᠯᠡᠭᠦᠯᠵᠦ᠂ ᠠᠯᠢ ᠤᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠵᠤ᠂ ᠢᠯᠠᠩᠭᠤᠶ᠎ᠠ ᠬᠠᠷᠢᠴᠠᠯᠠᠰᠢᠭᠦᠢ ᠶᠠᠳᠠᠭᠤ ᠬᠦᠴᠢᠷᠳᠡᠯᠲᠡᠢ ᠠᠰᠠᠭᠤᠳᠠᠯ ᠢ ᠠᠷᠢᠯᠭᠠᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ᠂ ᠨᠡᠩ ᠪᠠᠲᠤ ᠪᠠᠬᠢ ᠪᠣᠳᠠᠰ ᠤᠨ ᠰᠠᠭᠤᠷᠢ᠂ ᠨᠡᠩ ᠰᠠᠨᠠᠭᠠᠴᠢᠯᠠᠭ᠎ᠠ ᠲᠠᠢ ᠤᠶᠤᠨ ᠰᠠᠨᠠᠭᠠᠨ ᠤ ᠬᠦᠴᠦᠨ ᠴᠢᠳᠠᠯ ᠢ ᠬᠠᠩᠭᠠᠪᠠ ᠭᠡᠵᠦ ᠴᠢᠬᠤᠯᠠᠴᠢᠯᠠᠪᠠ᠃    ᠰᠢ ᠶᠢᠨ ᠫᠢᠩ᠂ ᠨᠠᠮ ᠤᠨ ᠤᠳᠤᠷᠢᠳᠤᠯᠭ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠨᠳᠦᠰᠦᠨ ᠴᠢᠭᠯᠡᠯ᠂ ᠢᠷᠡᠭᠡᠳᠦᠢ ᠶᠢᠨ ᠬᠤᠪᠢ ᠵᠠᠶᠠᠭ᠎ᠠ᠂ ᠡᠴᠦᠰ ᠤᠨ ᠢᠯᠠᠵᠤ ᠢᠯᠠᠭᠳᠠᠬᠤ ᠲᠠᠢ ᠰᠢᠭᠤᠳ ᠬᠤᠯᠪᠣᠭᠳᠠᠨ᠎ᠠ᠃ ᠨᠠᠮ ᠤᠨ ᠤᠳᠤᠷᠢᠳᠤᠯᠭ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠨᠳᠦᠰᠦᠨ ᠰᠢᠨᠵᠢ ᠴᠢᠨᠠᠷ ᠢ ᠲᠣᠭᠲᠠᠭᠠᠨ᠎ᠠ᠂ ᠭᠠᠭᠴᠠ ᠬᠦ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠪᠠᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠠᠶ᠋ᠢ ᠭᠡᠭᠡᠨ ᠰᠠᠷᠠᠭᠤᠯ ᠢᠷᠡᠭᠡᠳᠦᠢ ᠲᠠᠢ᠂ ᠴᠡᠴᠡᠭᠯᠡᠨ ᠬᠥᠭᠵᠢᠵᠦ ᠴᠢᠳᠠᠨ᠎ᠠ︔ ᠡᠰᠡ ᠲᠡᠭᠡᠪᠡᠯ ᠠᠶᠠᠯᠠᠯ ᠤᠨ ᠴᠢᠭᠯᠡᠯ ᠠᠴᠠ ᠰᠠᠯᠵᠤ᠂ ᠰᠦᠭ ᠰᠦᠨᠡᠰᠦ ᠪᠠᠨ ᠠᠯᠳᠠᠵᠤ᠂ ᠴᠢᠨᠠᠭᠰᠢᠯᠠᠪᠠᠯ ᠨᠤᠷᠠᠭᠠᠬᠤ ᠴᠢᠨᠠᠷᠲᠠᠢ ᠠᠯᠳᠠᠭ᠎ᠠ ᠭᠠᠷᠭᠠᠬᠤ ᠪᠣᠯᠣᠨ᠎ᠠ᠃ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠮᠡᠴᠡᠬᠦ ᠬᠠᠷᠠᠯᠲᠠ ᠪᠠᠨ ᠴᠢᠭᠯᠡᠨ ᠯᠠᠪᠳᠠᠭᠤᠨ ᠢᠶᠠᠷ ᠬᠤᠯᠠ ᠠᠶᠠᠯᠠᠬᠤ ᠶᠢ ᠪᠠᠲᠤᠯᠠᠵᠤ᠂ ᠮᠠᠨ ᠤ ᠨᠠᠮ ᠤᠨ ᠲᠡᠮᠡᠴᠡᠬᠦ ᠬᠠᠷᠠᠯᠲᠠ ᠪᠠᠨ ᠢᠮᠠᠭᠲᠠ ᠬᠤᠪᠢᠷᠠᠰᠢ ᠦᠭᠡᠢ ᠪᠠᠷᠢᠮᠲᠠᠯᠠᠵᠤ᠂ ᠦᠶ᠎ᠡ ᠦᠶ᠎ᠡ ᠪᠠᠷ ᠪᠤᠤᠬᠢᠶ᠎ᠠ ᠳᠠᠮᠵᠢᠭᠤᠯᠤᠨ ᠠᠬᠢᠭᠤᠯᠵᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ᠂ ᠲᠡᠦᠬᠡ ᠶᠢᠨ ᠬᠠᠭᠤᠳᠠᠰᠤ ᠶᠢ ᠭᠡᠶᠢᠭᠦᠯᠦᠭᠰᠡᠨ ᠭᠡᠷᠡᠯ ᠰᠠᠴᠤᠷᠠᠩᠭᠤᠢ ᠠᠮᠵᠢᠯᠲᠠ ᠣᠯᠵᠠᠢ᠃ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠬᠦᠴᠦᠷᠬᠡᠭ ᠶᠡᠭᠡ ᠬᠥᠳᠡᠯᠭᠡᠭᠦ ᠬᠦᠴᠦᠨ ᠢ ᠬᠥᠭᠵᠢᠭᠡᠵᠦ᠂ ᠮᠠᠨ ᠤ ᠨᠠᠮ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠲᠠᠰᠤᠷᠠᠯᠲᠠ ᠦᠭᠡᠢ ᠠᠷᠢᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠰᠢᠷᠭᠢᠰᠢ ᠦᠭᠡᠢ ᠬᠥᠳᠡᠯᠭᠡᠭᠦ ᠬᠦᠴᠦᠨ ᠨᠡᠮᠡᠷᠢᠯᠡᠪᠡ᠃ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠮᠠᠨ ᠤ ᠨᠠᠮ ᠨᠠᠮ ᠤᠨ ᠤᠯᠠᠨ ᠲᠦᠮᠡᠨᠴᠢ ᠱᠤᠭᠤᠮ ᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠦᠨ᠂ ᠪᠦᠭᠦ ᠠᠷᠠᠳ ᠲᠦᠮᠡᠨ ᠤ ᠡᠵᠡᠨ ᠬᠥᠮᠥᠨ ᠤ ᠵᠣᠷᠢᠭ ᠰᠠᠨᠠᠭ᠎ᠠ ᠶᠢ ᠭᠦᠢᠴᠡᠳ ᠬᠥᠭᠵᠢᠭᠡᠪᠡ ᠭᠡᠵᠦ ᠵᠢᠭᠠᠵᠤ ᠭᠠᠷᠭᠠᠵᠠᠢ᠃    ᠰᠢ ᠶᠢᠨ ᠫᠢᠩ᠂ ᠨᠢᠭᠡ ᠤᠯᠤᠰ ᠣᠳᠣᠬᠢᠴᠢᠯᠠᠯᠲᠠ ᠲᠡᠶᠢᠰᠢ ᠤᠷᠤᠭᠰᠢᠯᠠᠬᠤ ᠳᠤ᠂ ᠣᠳᠣᠬᠢᠴᠢᠯᠠᠯᠲᠠ ᠶᠢᠨ ᠡᠩ ᠤᠨ ᠵᠢᠮ᠎ᠡ ᠶᠣᠰᠣ ᠶᠢ ᠵᠢᠷᠤᠮᠯᠠᠬᠤ ᠪᠠᠷ ᠪᠠᠷᠠᠬᠤ ᠦᠭᠡᠢ᠂ ᠨᠡᠩ ᠴᠤ ᠲᠤᠰ ᠤᠯᠤᠰ ᠤᠨ ᠢᠶᠠᠨ ᠪᠣᠳᠠᠲᠤ ᠪᠠᠶᠢᠳᠠᠯ ᠲᠠᠢ ᠨᠡᠶᠢᠴᠡᠵᠦ᠂ ᠲᠤᠰ ᠤᠯᠤᠰ ᠤᠨ ᠢᠶᠠᠨ ᠣᠨᠴᠠᠯᠢᠭ ᠲᠠᠢ ᠪᠠᠶᠢᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠡᠯ᠎ᠡ ᠤᠯᠤᠰ ᠤᠨ ᠣᠳᠣᠬᠢᠴᠢᠯᠠᠯᠲᠠ ᠶᠢᠨ ᠬᠠᠮᠲᠤ ᠶᠢᠨ ᠣᠨᠴᠠᠯᠢᠭ ᠲᠠᠢ ᠮᠥᠷᠲᠡᠭᠡᠨ ᠨᠡᠩ ᠴᠤ ᠥᠪᠡᠷ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ ᠢᠯᠡ ᠲᠣᠳᠣ ᠣᠨᠴᠠᠯᠢᠭ ᠲᠠᠢ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠠᠮᠠ ᠶᠢᠨ ᠬᠡᠪᠴᠢᠶ᠎ᠡ ᠪᠠᠷ ᠯᠤᠲᠤ ᠶᠡᠭᠡ ᠣᠳᠣᠬᠢᠴᠢᠯᠠᠯᠲᠠ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠣᠳᠣᠬᠢᠴᠢᠯᠠᠯᠲᠠ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠪᠤᠯᠬᠤ ᠲᠠᠪᠤᠨ ᠲᠠᠯ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠭᠡᠳᠡᠭ ᠢ ᠲᠣᠳᠣᠷᠬᠠᠢ ᠬᠤᠷᠢᠶᠠᠩᠭᠤᠶᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨᠵᠢᠯᠡᠬᠦ ᠤᠬᠠᠭᠠᠨᠴᠢ ᠠᠭᠤᠯᠬᠤᠨ ᠢ ᠭᠦᠨᠵᠡᠭᠡᠢ ᠢᠯᠡᠷᠡᠭᠦᠯᠪᠡ᠃ ᠡᠨᠡ ᠨᠢ ᠤᠨᠤᠯ ᠤᠨ ᠬᠤᠷᠢᠶᠠᠩᠭᠤᠶᠢᠯᠠᠯ ᠪᠤᠯᠬᠤ ᠪᠥᠭᠡᠳ ᠪᠠᠰᠠ ᠦᠢᠯᠡᠳᠦᠯᠭᠡ ᠶᠢᠨ ᠱᠠᠭᠠᠷᠳᠠᠯᠭ᠎ᠠ ᠪᠠᠶᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠠᠷᠠᠭᠤᠯ ᠳᠠᠷᠳᠠᠩ ᠵᠠᠮ ᠢ ᠵᠢᠭᠠᠵᠤ ᠥᠭᠴᠡᠢ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠪᠢᠳᠡ ᠬᠡᠳᠦᠨ ᠠᠷᠪᠠᠨ ᠵᠢᠯ ᠤᠨ ᠴᠠᠭ ᠢ ᠬᠡᠷᠡᠭᠰᠡᠨ ᠥᠷᠥᠨᠡᠳᠠᠬᠢᠨ ᠤ ᠬᠥᠭᠵᠢᠭᠰᠡᠨ ᠤᠯᠤᠰ ᠤᠨ ᠬᠡᠳᠦᠨ ᠵᠠᠭᠤᠨ ᠵᠢᠯ ᠤᠨ ᠶᠠᠪᠤᠵᠤ ᠢᠷᠡᠭᠰᠡᠨ ᠠᠵᠤ ᠦᠢᠯᠡᠳᠪᠦᠷᠢᠵᠢᠯᠲᠡ ᠶᠢᠨ ᠲᠡᠦᠬᠡᠨ ᠶᠠᠪᠤᠴᠠ ᠶᠢ ᠥᠩᠭᠡᠷᠡᠭᠦᠯᠵᠦ᠂ ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠤᠷᠳᠤ ᠬᠤᠭᠤᠴᠠᠭᠠᠨ ᠤ ᠲᠣᠭᠲᠠᠭᠤᠨ ᠪᠠᠶᠢᠬᠤ ᠭᠠᠶᠢᠬᠠᠮᠰᠢᠭ ᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠥᠷᠭᠡᠨ ᠠᠭᠤᠳᠠᠮ ᠠᠯᠤᠰ ᠢᠷᠡᠭᠡᠳᠦᠢ ᠶᠢ ᠨᠡᠭᠡᠭᠡᠵᠦ ᠥᠭᠭᠦᠭᠰᠡᠨ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠠᠪᠤᠭᠳᠠᠵᠤ ᠳᠡᠶᠢᠯᠦᠨ᠎ᠠ᠂ ᠯᠠᠪᠳᠠᠭᠤᠨ ᠥᠷᠨᠢᠵᠦ ᠳᠡᠶᠢᠯᠦᠨ᠎ᠠ᠂ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠤᠷ ᠤᠨ ᠭᠠᠭᠴᠠ ᠵᠥᠪ ᠵᠠᠮ ᠮᠥᠨ ᠭᠡᠳᠡᠭ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ ᠭᠡᠵᠦ ᠴᠢᠬᠤᠯᠠᠴᠢᠯᠠᠪᠠ᠃
   ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠭᠦᠨ ᠦᠨᠳᠦᠰᠦᠯᠡᠵᠦ᠂ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠤᠨ ᠲᠡᠷᠢᠭᠦᠨ ᠤ ᠮᠥᠨ ᠴᠢᠨᠠᠷ ᠢ ᠢᠯᠡᠷᠡᠭᠦᠯᠵᠦ᠂ ᠬᠥᠮᠥᠨ ᠲᠥᠷᠥᠯᠬᠢᠲᠡᠨ ᠤ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢᠶᠠᠷ ᠲᠣᠯᠢ ᠪᠤᠯᠭᠠᠵᠤ ᠰᠢᠩᠭᠡᠬᠡᠨ ᠠᠪᠴᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢᠨ ᠬᠥᠭᠵᠢᠯᠲᠡ ᠶᠢᠨ ᠴᠢᠭᠯᠡᠯ ᠢ ᠲᠥᠯᠥᠭᠡᠯᠡᠵᠦ᠂ ᠥᠷᠥᠨᠡᠳᠠᠬᠢᠨ ᠤ ᠣᠳᠣᠬᠢᠴᠢᠯᠠᠯᠲᠠ ᠶᠢᠨ ᠵᠠᠭᠪᠤᠷ ᠲᠠᠢ ᠠᠳᠠᠯᠢ ᠪᠤᠰᠤ ᠰᠢᠨ᠎ᠡ ᠵᠢᠷᠤᠭ ᠲᠥᠰᠥᠪ ᠢ ᠢᠯᠡᠷᠡᠭᠦᠯᠵᠦ᠂ ᠬᠥᠮᠥᠨ ᠲᠥᠷᠥᠯᠬᠢᠲᠡᠨ ᠤ ᠴᠣ ᠰᠢᠨ᠎ᠡ ᠪᠣᠯᠪᠠᠰᠤᠨ ᠤ ᠭᠡᠯᠪᠡᠷᠢ ᠪᠣᠯᠣᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ︽ᠣᠳᠣᠬᠢᠴᠢᠯᠠᠬᠤ = ᠥᠷᠥᠨᠡᠳᠠᠬᠢᠨᠴᠢᠯᠠᠬᠤ︾ ᠭᠡᠰᠡᠨ ᠲᠥᠭᠡᠷᠢᠭᠳᠡᠯ ᠢ ᠡᠪᠳᠡᠵᠦ᠂ ᠣᠳᠣᠬᠢᠴᠢᠯᠠᠯᠲᠠ ᠶᠢᠨ ᠥᠭᠡᠷ᠎ᠡ ᠨᠢᠭᠡᠨ ᠵᠢᠷᠤᠭ ᠦᠵᠡᠮᠵᠢ ᠶᠢ ᠦᠵᠡᠭᠦᠯᠵᠦ᠂ ᠬᠥᠭᠵᠢᠵᠦ ᠪᠠᠶᠢᠭ᠎ᠠ ᠤᠯᠤᠰ ᠤᠨ ᠣᠳᠣᠬᠢᠴᠢᠯᠠᠯᠲᠠ ᠵᠦᠭ ᠤᠷᠤᠭᠰᠢᠯᠠᠬᠤ ᠵᠠᠮ ᠤᠨ ᠰᠣᠩᠭᠤᠯᠲᠠ ᠶᠢ ᠥᠷᠭᠡᠳᠬᠡᠵᠦ᠂ ᠬᠥᠮᠥᠨ ᠲᠥᠷᠥᠯᠬᠢᠲᠡᠨ ᠤ ᠨᠡᠩ ᠰᠠᠶᠢᠨ ᠨᠡᠶᠢᠭᠡᠮ ᠤᠨ ᠪᠠᠶᠢᠭᠤᠯᠤᠯ ᠤᠨ ᠲᠤᠬᠠᠢ ᠰᠦᠪᠡᠭᠴᠢᠯᠡᠯᠲᠡ ᠳᠤ ᠳᠤᠮᠳᠠᠳᠤ ᠤᠯᠤᠰ ᠤᠨ ᠲᠥᠰᠥᠯ ᠢ ᠬᠠᠩᠭᠠᠭᠰᠠᠨ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠠᠭᠤᠯᠤᠭᠳᠠᠵᠤ ᠪᠠᠶᠢᠭ᠎ᠠ ᠥᠪᠡᠷᠮᠢᠴᠡ ᠶᠢᠷᠲᠢᠨᠴᠦ ᠶᠢᠨ ᠦᠵᠡᠯᠲᠡ᠂ ᠦᠷᠲᠡᠭ ᠤᠨ ᠦᠵᠡᠯᠲᠡ᠂ ᠲᠡᠦᠬᠡ ᠶᠢᠨ ᠦᠵᠡᠯᠲᠡ᠂ ᠪᠣᠯᠪᠠᠰᠤᠨ ᠤ ᠦᠵᠡᠯᠲᠡ᠂ ᠠᠷᠠᠳᠴᠢᠯᠠᠯ ᠤᠨ ᠦᠵᠡᠯᠲᠡ᠂ ᠠᠮᠢ ᠠᠬᠤᠢ ᠶᠢᠨ ᠦᠵᠡᠯᠲᠡ ᠵᠡᠷᠭᠡ ᠵᠢᠴᠢ ᠲᠡᠭᠦᠨ ᠤ ᠠᠭᠤᠤ ᠶᠡᠭᠡ ᠦᠢᠯᠡᠳᠦᠯᠭᠡ ᠪᠣᠯ ᠳᠡᠯᠡᠬᠡᠢ ᠶᠢᠨ ᠣᠳᠣᠬᠢᠴᠢᠯᠠᠯᠲᠠ ᠶᠢᠨ ᠤᠨᠤᠯ ᠪᠠ ᠦᠢᠯᠡᠳᠦᠯᠭᠡ ᠶᠢᠨ ᠴᠢᠬᠤᠯᠠ ᠶᠡᠭᠡ ᠰᠢᠨ᠎ᠡ ᠡᠭᠦᠳᠦᠯᠲᠡ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠤᠨ ᠪᠡᠶ᠎ᠡ ᠪᠠᠨ ᠳᠠᠭᠠᠭᠠᠵᠤ ᠡᠵᠡᠨ ᠮᠡᠳᠡᠨ ᠣᠳᠣᠬᠢᠴᠢᠯᠠᠯᠲᠠ ᠲᠡᠶᠢᠰᠢ ᠤᠷᠤᠭᠰᠢᠯᠠᠬᠤ ᠳᠤ ᠦᠯᠢᠭᠡᠷ ᠳᠠᠭᠤᠷᠢᠶᠠᠯ ᠪᠣᠯᠵᠤ᠂ ᠲᠡᠭᠦᠨ ᠳᠤ ᠴᠣ᠋ ᠰᠢᠨ᠎ᠡ ᠰᠣᠩᠭᠤᠯᠲᠠ ᠬᠠᠩᠭᠠᠵᠠᠢ ᠭᠡᠵᠦ ᠵᠢᠭᠠᠵᠤ ᠭᠠᠷᠭᠠᠵᠠᠢ᠃ ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠰᠢᠰᠲ᠋ᠧᠮᠲᠦ ᠢᠨᠵᠧᠨᠧᠷᠢᠩ ᠮᠥᠨ᠂ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠰᠢᠰᠲ᠋ᠧᠮ ᠲᠠᠢ ᠲᠥᠯᠥᠪᠵᠢᠭᠦᠯᠦᠨ᠂ ᠪᠦᠬᠦᠯᠢ ᠴᠣᠭᠴᠠ ᠪᠠᠷ ᠠᠬᠢᠭᠤᠯᠵᠤ᠂ ᠦᠵᠦ ᠲᠥᠯᠥᠪᠯᠡᠭᠡ ᠪᠣᠯᠣᠨ ᠦᠢᠯᠡᠳᠦᠯᠭᠡ ᠶᠢᠨ ᠰᠦᠪᠡᠭᠴᠢᠯᠡᠯ᠂ ᠪᠠᠶᠢᠯᠳᠤᠬᠤ ᠪᠣᠳᠣᠯᠭ᠎ᠠ ᠪᠣᠯᠣᠨ ᠠᠷᠭ᠎ᠠ ᠪᠣᠳᠣᠯᠭ᠎ᠠ᠂ ᠲᠥᠪ ᠶᠣᠰᠣ ᠶᠢ ᠪᠠᠷᠢᠮᠲᠠᠯᠠᠬᠤ ᠪᠣᠯᠣᠨ ᠰᠢᠨ᠎ᠡ ᠶᠢ ᠡᠭᠦᠳᠭᠦ᠂ ᠦᠷ᠎ᠡ ᠠᠰᠢᠭ ᠪᠣᠯᠣᠨ ᠲᠥᠪ ᠭᠤᠣᠯᠴᠢ᠂ ᠠᠮᠢᠵᠢᠷᠠᠯ ᠤᠨ ᠬᠦᠴᠦᠨ ᠪᠣᠯᠣᠨ ᠡᠮᠬᠢ ᠳᠢᠭᠯᠢᠮ᠂ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠣᠯᠣᠨ ᠭᠠᠳᠠᠭᠠᠳᠤ ᠨᠡᠭᠡᠭᠡᠯᠲᠡ ᠵᠡᠷᠭᠡ ᠠᠯᠢ ᠤᠯᠠᠨ ᠴᠢᠬᠤᠯᠠ ᠶᠡᠭᠡ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ᠃ ᠦᠵᠦ ᠲᠥᠯᠥᠪᠯᠡᠭᠡ ᠬᠢᠬᠦ ᠳᠤ᠂ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠢ ᠠᠵᠢᠭᠯᠠᠵᠤ᠂ ᠠᠷᠠᠳ ᠤᠯᠠᠨ ᠤ ᠬᠠᠮᠲᠤ ᠶᠢᠨ ᠬᠦᠰᠡᠯ ᠡᠷᠡᠮᠡᠯᠵᠡᠯ ᠢ ᠣᠨᠣᠪᠴᠢᠲᠠᠢ ᠡᠵᠡᠮᠳᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠰᠦᠪᠡᠭᠴᠢᠯᠡᠵᠦ᠂ ᠲᠣᠭᠲᠠᠭᠠᠭᠰᠠᠨ ᠲᠥᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢᠨ ᠰᠢᠰᠲ᠋ᠧᠮ ᠨᠢ ᠴᠠᠭ ᠦᠶᠡᠴᠢ ᠴᠢᠨᠠᠷ ᠢ ᠢᠯᠡᠷᠡᠭᠦᠯᠵᠦ᠂ ᠵᠢᠮ᠎ᠡ ᠶᠣᠰᠣᠴᠢ ᠴᠢᠨᠠᠷ ᠢ ᠡᠵᠡᠮᠳᠡᠵᠦ᠂ ᠪᠦᠲᠦᠭᠡᠯᠴᠢ ᠴᠢᠨᠠᠷ ᠢᠶᠠᠷ ᠪᠠᠶᠠᠯᠢᠭ ᠪᠠᠶᠢᠵᠤ᠂ ᠬᠤᠯᠠ ᠣᠶᠢᠷ᠎ᠠ ᠶᠢ ᠤᠶᠠᠯᠳᠤᠭᠤᠯᠤᠨ᠂ ᠳᠡᠭᠡᠳᠦ ᠳᠣᠣᠷᠠᠳᠤ ᠱᠠᠲᠤ ᠶᠢ ᠨᠡᠪᠲᠡᠷᠡᠯᠴᠡᠭᠦᠯᠵᠦ᠂ ᠠᠭᠤᠯᠭ᠎ᠠ ᠶᠢ ᠵᠣᠬᠢᠴᠠᠭᠤᠯᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠨᠢᠭᠡᠨ ᠰᠦᠪᠡᠭᠴᠢᠯᠡᠯᠲᠡ ᠶᠢᠨ ᠴᠢᠨᠠᠷᠲᠠᠢ ᠦᠢᠯᠡᠰ ᠮᠥᠨ᠂ ᠪᠠᠰᠠ ᠮᠠᠰᠢ ᠤᠯᠠᠨ ᠦᠯᠦ ᠮᠡᠳᠡᠭᠦ ᠬᠦᠷᠢᠶ᠎ᠡ ᠴᠠᠷᠠᠭ᠎ᠠ ᠪᠤᠢ᠂ ᠡᠭᠦᠨ ᠢ ᠪᠢᠳᠡ ᠦᠢᠯᠡᠳᠦᠯᠭᠡ ᠶᠢᠨ ᠳᠤᠮᠳᠠ ᠵᠣᠷᠢᠭᠲᠠᠢ ᠪᠠᠷ ᠰᠦᠪᠡᠭᠴᠢᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠪᠠᠷ ᠳᠠᠮᠵᠢᠭᠤᠯᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠂ ᠶᠠᠭᠠᠬᠢᠭᠰᠠᠨ ᠴᠤ ᠵᠠᠪᠢ ᠳᠡᠭᠡᠷ᠎ᠡ ᠲᠡᠮᠳᠡᠭ ᠭᠠᠷᠭᠠᠵᠤ ᠵᠢᠪᠦᠭᠰᠡᠨ ᠰᠡᠯᠡᠮ᠎ᠡ ᠪᠠᠨ ᠡᠷᠢᠵᠦ᠂ ᠥᠨᠳᠥᠷ ᠮᠣᠳᠣᠨ ᠤ ᠳᠣᠣᠷ᠎ᠠ ᠦᠬᠦᠬᠦ ᠲᠠᠤᠯᠠᠢ ᠶᠢ ᠬᠦᠯᠢᠶᠡᠵᠦ ᠪᠤᠯᠬᠤ ᠦᠭᠡᠢ᠃ ᠪᠠᠶᠢᠯᠳᠤᠬᠤ ᠪᠣᠳᠣᠯᠭ᠎ᠠ ᠶᠢᠨ ᠪᠠᠷᠠᠯᠠᠯᠳᠤ ᠴᠢᠨᠠᠷ ᠢ ᠴᠢᠩᠭᠠᠳᠬᠠᠵᠤ᠂ ᠬᠡᠷᠡᠭ ᠪᠣᠳᠠᠰ ᠤᠨ ᠬᠥᠭᠵᠢᠯᠲᠡ ᠶᠢᠨ ᠵᠠᠶᠢᠯᠠᠰᠢ ᠦᠭᠡᠢ ᠬᠠᠨᠳᠤᠰᠢ ᠶᠢ ᠣᠨᠣᠪᠴᠢᠲᠠᠢ ᠡᠵᠡᠮᠳᠡᠵᠦ᠂ ᠤᠷᠤᠭᠰᠢᠯᠠᠯᠲᠠ ᠶᠢᠨ ᠵᠠᠮ ᠳᠡᠭᠡᠷ᠎ᠡ ᠭᠠᠷᠴᠤ ᠮᠡᠳᠡᠭᠦ ᠠᠵᠠ ᠲᠣᠭᠢᠶᠠᠯ ᠪᠠ ᠥᠷᠢᠰᠦᠯᠳᠦᠭᠡᠨ ᠢ ᠬᠤᠷᠴᠠ ᠰᠡᠷᠭᠡᠭ ᠢᠶᠠᠷ ᠠᠵᠢᠵᠤ᠂ ᠰᠢᠨᠵᠢᠯᠡᠬᠦ ᠤᠬᠠᠭᠠᠨᠴᠢ ᠪᠠᠶᠢᠯᠳᠤᠬᠤ ᠪᠣᠳᠣᠯᠭ᠎ᠠ ᠪᠠᠷ ᠢᠷᠡᠭᠡᠳᠦᠢ ᠶᠢ ᠬᠠᠷᠠᠵᠤ᠂ ᠢᠷᠡᠭᠡᠳᠦᠢ ᠶᠢ ᠬᠥᠲᠥᠯᠥᠨ ᠳᠠᠭᠠᠭᠤᠯᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠶᠢᠨ ᠴᠢᠨᠠᠷ ᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠲᠥᠯᠥᠪᠵᠢᠭᠦᠯᠬᠦ᠂ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠬᠦ ᠳᠡᠭᠡᠨ ᠴᠥᠮ ᠨᠠᠮ ᠪᠠ ᠤᠯᠤᠰ ᠤᠨ ᠠᠵᠢᠯ ᠦᠢᠯᠡᠰ ᠤᠨ ᠮᠠᠨᠳᠤᠵᠤ ᠪᠠᠭᠤᠷᠠᠬᠤ ᠢᠯᠠᠵᠤ ᠢᠯᠠᠭᠳᠠᠬᠤ ᠳᠤ ᠬᠤᠯᠪᠣᠭᠳᠠᠬᠤ᠂ ᠪᠦᠭᠦ ᠲᠠᠯ᠎ᠠ ᠶᠢ ᠨᠥᠯᠥᠭᠡᠯᠡᠬᠦ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠶᠢ ᠪᠣᠳᠣᠯᠬᠢᠯᠠᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠲᠣᠭᠲᠠᠪᠤᠷᠢᠲᠤ ᠴᠢᠨᠠᠷ ᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠪᠦᠷᠢᠯᠳᠦᠮᠡᠭᠴᠡ ᠳᠠᠷᠤᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠡᠴᠦᠰ ᠲᠤᠨᠢ ᠲᠤᠯᠲᠠᠯ᠎ᠠ ᠠᠳᠬᠤᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠦᠷ᠎ᠡ ᠪᠦᠳᠦᠮᠵᠢ ᠭᠠᠷᠭᠠᠵᠤ᠂ ᠳᠤᠷ᠎ᠠ ᠪᠠᠷ ᠢᠶᠠᠨ ᠬᠤᠪᠢᠷᠠᠭᠤᠯᠵᠤ ᠪᠤᠯᠬᠤ ᠦᠭᠡᠢ᠃ ᠪᠠᠶᠢᠯᠳᠤᠬᠤ ᠪᠣᠳᠣᠯᠭ᠎ᠠ ᠶᠢᠨ ᠵᠠᠷᠴᠢᠮᠲᠤ ᠴᠢᠨᠠᠷ ᠪᠠ ᠠᠷᠭ᠎ᠠ ᠪᠣᠳᠣᠯᠭ᠎ᠠ ᠶᠢᠨ ᠠᠮᠢᠳᠤᠯᠢᠭ ᠴᠢᠨᠠᠷ ᠢ ᠣᠷᠭᠠᠨᠢᠭ ᠢᠶᠠᠷ ᠤᠶᠠᠯᠳᠤᠭᠤᠯᠵᠤ᠂ ᠠᠮᠢᠳᠤᠯᠢᠭ ᠪᠥᠭᠡᠳ ᠬᠥᠳᠡᠯᠦᠩᠭᠦᠢ ᠪᠠᠷ᠂ ᠲᠣᠭᠢᠶᠠᠯ ᠢ ᠦᠵᠡᠨ ᠬᠤᠪᠢᠷᠠᠭᠤᠯᠵᠤ᠂ ᠴᠠᠭ ᠲᠤᠬᠠᠢ ᠳᠤᠨᠢ ᠡᠷᠡᠰ ᠰᠢᠭᠤᠷᠬᠠᠢ ᠪᠠᠷ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠪᠠᠶᠢᠳᠠᠯ ᠢ ᠨᠢ ᠦᠵᠡᠨ ᠬᠢᠵᠦ᠂ ᠪᠠᠶᠢᠳᠠᠯ ᠳᠤᠨᠢ ᠲᠣᠬᠢᠷᠠᠭᠤᠯᠤᠨ ᠠᠵᠢᠯᠯᠠᠬᠤ ᠳᠤᠮᠳᠠ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠪᠠ ᠢᠷᠡᠯᠲᠡ᠂ ᠦᠨᠳᠦᠰᠦ ᠪᠠ ᠰᠦᠭ ᠰᠦᠨᠡᠰᠦ ᠶᠢ ᠰᠠᠶᠢᠲᠤᠷ ᠰᠠᠬᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠥᠪ ᠴᠢᠭᠯᠡᠯ ᠢ ᠦᠨᠡᠨ ᠬᠦ ᠪᠠᠲᠤᠯᠠᠬᠤ ᠬᠡᠷᠡᠭᠲᠡᠢ᠃ ᠰᠢᠨ᠎ᠡ ᠶᠢ ᠡᠭᠦᠳᠭᠦ ᠶᠢ ᠤᠯᠤᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠲᠣᠪᠤᠶᠢᠮ᠎ᠠ ᠪᠠᠶᠢᠷᠢᠨ ᠳᠤ ᠲᠠᠯᠪᠢᠵᠤ᠂ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠰᠢᠢᠳᠪᠦᠷᠢᠯᠡᠬᠦ ᠶᠢ ᠪᠣᠳᠣᠯᠬᠢᠯᠠᠵᠤ᠂ ᠢᠳᠡᠪᠬᠢᠲᠡᠢ ᠪᠠᠷ ᠬᠤᠪᠢᠷᠠᠯᠲᠠ ᠶᠢ ᠲᠠᠨᠢᠨ ᠬᠤᠪᠢᠷᠠᠯᠲᠠ ᠶᠢ ᠠᠷᠭᠠᠴᠠᠭᠠᠵᠤ ᠬᠤᠪᠢᠷᠠᠯᠲᠠ ᠶᠢ ᠡᠷᠢᠯᠬᠢᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠶᠢ ᠶᠡᠭᠡ ᠪᠠᠷ ᠠᠬᠢᠭᠤᠯᠤᠨ᠂ ᠬᠥᠭᠵᠢᠯᠲᠡ ᠶᠢᠨ ᠰᠢᠨ᠎ᠡ ᠬᠥᠳᠡᠯᠭᠡᠭᠦ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ ᠪᠤᠢ ᠪᠤᠯᠭᠠᠵᠤ᠂ ᠪᠦᠭᠦ ᠨᠡᠶᠢᠭᠡᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠬᠥᠷᠥᠩᠭᠡᠲᠦ ᠶᠣᠰᠣᠨ ᠠᠴᠠ ᠨᠡᠩ ᠥᠨᠳᠥᠷ ᠦᠷ᠎ᠡ ᠪᠦᠲᠦᠮᠵᠢ ᠶᠢ ᠡᠭᠦᠳᠭᠦ ᠮᠥᠷᠲᠡᠭᠡᠨ ᠪᠠᠰᠠ ᠨᠡᠶᠢᠭᠡᠮ ᠤᠨ ᠲᠥᠪ ᠭᠤᠣᠯᠴᠢ ᠶᠢ ᠨᠡᠩ ᠪᠦᠲᠦᠮᠵᠢᠲᠡᠢ ᠬᠠᠮᠠᠭᠠᠯᠠᠵᠤ᠂ ᠦᠷ᠎ᠡ ᠪᠦᠲᠦᠮᠵᠢ ᠪᠣᠯᠣᠨ ᠲᠥᠪ ᠭᠤᠣᠯᠴᠢ ᠶᠢᠨ ᠬᠠᠷᠢᠯᠴᠠᠨ ᠬᠠᠷᠠᠭᠠᠯᠵᠠᠬᠤ᠂ ᠬᠠᠷᠢᠯᠴᠠᠨ ᠠᠬᠢᠭᠤᠯᠬᠤ᠂ ᠬᠠᠷᠢᠯᠴᠠᠨ ᠨᠢᠭᠡᠳᠭᠦ ᠶᠢ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠪᠠᠨ ᠴᠢᠩᠭᠠᠳᠬᠠᠵᠤ᠂ ᠤᠯᠤᠰ ᠤᠨ ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠭᠡᠯᠪᠡᠷᠢ ᠶᠢᠨ ᠠᠮᠤᠷ ᠲᠦᠪᠰᠢᠨ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ᠃ ᠪᠡᠶ᠎ᠡ ᠪᠠᠨ ᠳᠠᠭᠠᠭᠠᠵᠤ ᠡᠵᠡᠨ ᠮᠡᠳᠡᠭᠦ᠂ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠤᠯᠤᠰ ᠭᠡᠷ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠤ ᠪᠠᠨ ᠦᠨᠳᠦᠰᠦᠨ ᠴᠡᠭ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠮᠠᠨ ᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠶᠢ ᠪᠠᠷᠢᠮᠲᠠᠯᠠᠬᠤ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠲᠠᠰᠤᠷᠠᠯᠳᠠ ᠦᠭᠡᠢ ᠥᠷᠭᠡᠳᠬᠡᠵᠦ᠂ ᠪᠦᠭᠦ ᠪᠥᠮᠪᠥᠷᠴᠡᠭ ᠤᠨ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠪᠣᠯᠣᠨ ᠬᠠᠮᠲᠤᠷᠠᠯᠴᠠᠭ᠎ᠠ ᠳᠤ ᠭᠦᠨᠵᠡᠭᠡᠢ ᠣᠷᠣᠯᠴᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠤᠷᠢᠳ ᠡᠮᠦᠨ᠎ᠡ ᠪᠠᠶᠢᠭ᠎ᠠ ᠦᠭᠡᠢ ᠡᠭᠦᠳᠦᠯᠲᠡ ᠶᠢᠨ ᠴᠢᠨᠠᠷᠲᠠᠢ ᠦᠢᠯᠡᠰ ᠮᠥᠨ᠂ ᠡᠯ᠎ᠡ ᠵᠦᠢᠯ ᠤᠨ ᠲᠥᠰᠥᠭᠡᠯᠡᠵᠦ ᠪᠤᠯᠬᠤ ᠪᠠ ᠲᠥᠰᠥᠭᠡᠯᠡᠬᠦᠶ᠎ᠡ ᠪᠡᠷᠬᠡ ᠠᠶᠤᠯ ᠲᠦᠭᠰᠢᠭᠦᠷᠢ ᠥᠷᠢᠰᠦᠯᠳᠦᠭᠡᠨ᠂ ᠬᠦᠴᠢᠷ ᠪᠡᠷᠬᠡᠰᠢᠶᠡᠯ ᠬᠠᠷᠰᠢ ᠰᠠᠭᠠᠳ ᠴᠢᠨᠠᠭᠰᠢᠯᠠᠪᠠᠯ ᠲᠤᠬᠰᠢᠨ ᠳᠠᠪᠠᠯᠭᠠᠨ ᠰᠢᠷᠦᠭᠦᠨ ᠰᠠᠯᠬᠢᠨ ᠳᠤ ᠤᠴᠠᠷᠠᠬᠤ ᠨᠢ ᠵᠠᠶᠢᠯᠠᠰᠢ ᠦᠭᠡᠢ ᠶᠤᠮ᠂ ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠤᠷᠢᠳᠴᠢᠯᠠᠨ ᠪᠡᠯᠡᠳᠬᠡᠯ ᠬᠢᠵᠦ᠂ ᠵᠣᠷᠢᠭᠲᠠᠢ ᠲᠡᠮᠡᠴᠡᠵᠦ᠂ ᠴᠢᠳᠠᠮᠠᠭᠠᠢ ᠲᠡᠮᠡᠴᠡᠵᠦ᠂ ᠰᠢᠷᠭᠠᠭᠤ ᠲᠡᠮᠡᠴᠡᠯ ᠢᠶᠠᠷ ᠳᠠᠮᠵᠢᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠰᠣᠨᠣᠷ ᠰᠡᠷᠡᠮᠵᠢ ᠶᠢ ᠪᠠᠲᠤᠯᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠤ ᠲᠤᠬᠠᠢ ᠳᠣᠲᠣᠷ᠎ᠠ ᠪᠠᠨ ᠲᠤᠭ᠎ᠠ ᠲᠠᠢ ᠪᠠᠶᠢᠬᠤ ᠭᠡᠷᠡᠭᠲᠡᠢ︔ ᠪᠠᠶᠢᠯᠳᠤᠬᠤ ᠪᠣᠳᠣᠯᠭ᠎ᠠ ᠶᠢᠨ ᠢᠲᠡᠭᠡᠯ ᠢᠶᠠᠨ ᠪᠠᠲᠤᠯᠠᠵᠤ᠂ ᠲᠡᠮᠡᠴᠡᠯ ᠤᠨ ᠢᠳᠡ ᠬᠦᠴᠦᠨ ᠢᠶᠠᠨ ᠨᠡᠮᠡᠭᠳᠡᠭᠦᠯᠬᠦ ᠭᠡᠷᠡᠭᠲᠡᠶ︔ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠴᠢᠨᠠᠷ ᠢᠶᠠᠨ ᠪᠠᠲᠤᠯᠠᠵᠤ᠂ ᠲᠡᠮᠡᠴᠡᠯ ᠤᠨ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃ ᠴᠢᠳᠠᠪᠤᠷᠢ ᠪᠠᠨ ᠳᠡᠭᠡᠭᠰᠢᠯᠡᠭᠦᠯᠭᠦ ᠶᠢ ᠴᠢᠩᠭᠠᠳᠬᠠᠵᠤ᠂ ᠤᠳᠤᠷᠢᠳᠬᠤ ᠺᠠᠳ᠋ᠷᠴᠤᠳ ᠢᠯᠠᠩᠭᠤᠶ᠎ᠠ ᠵᠠᠯᠠᠭᠤ ᠺᠠᠳ᠋ᠷᠴᠤᠳ ᠲᠤ ᠲᠥᠪ ᠴᠢᠩᠭ᠎ᠠ ᠦᠵᠡᠯ ᠰᠠᠨᠠᠭᠠᠨ ᠤ ᠪᠣᠯᠪᠠᠰᠤᠷᠠᠯ᠂ ᠤᠯᠤᠰ ᠲᠦᠷᠦ ᠶᠢᠨ ᠪᠣᠯᠪᠠᠰᠤᠷᠠᠯ᠂ ᠦᠢᠯᠡᠳᠦᠯᠭᠡ ᠶᠢᠨ ᠪᠣᠯᠪᠠᠰᠤᠷᠠᠯ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠬᠦᠷᠲᠡᠭᠡᠵᠦ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠲᠡᠮᠡᠴᠡᠯ ᠤᠨ ᠳᠤᠮᠳᠠ ᠰᠠᠯᠬᠢ ᠪᠣᠷᠣᠭᠠᠨ ᠢ ᠥᠩᠭᠡᠷᠡᠭᠦᠯᠵᠦ᠂ ᠶᠠᠭᠤᠮ᠎ᠠ ᠦᠵᠡᠵᠦ ᠨᠢᠳᠦ ᠨᠡᠭᠡᠭᠡᠵᠦ᠂ ᠰᠢᠨᠳᠠᠰᠤ ᠰᠢᠷᠪᠦᠰᠦ ᠪᠠᠨ ᠴᠢᠩᠭᠠᠯᠠᠵᠤ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠲᠡᠮᠡᠴᠡᠯ ᠤᠨ ᠳᠤᠮᠳᠠ ᠺᠠᠳ᠋ᠷ ᠢ ᠰᠢᠯᠭᠠᠨ ᠪᠠᠶᠢᠴᠠᠭᠠᠵᠤ ᠢᠯᠭᠠᠨ ᠲᠠᠨᠢᠬᠤ ᠶᠢ ᠴᠢᠬᠤᠯᠠᠴᠢᠯᠠᠵᠤ᠂ ᠵᠣᠷᠢᠭᠲᠠᠢ ᠪᠥᠭᠡᠳ ᠴᠢᠳᠠᠮᠠᠭᠠᠢ ᠪᠠᠷ ᠲᠡᠮᠡᠴᠡᠳᠡᠭ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠳᠠᠭ᠂ ᠵᠣᠷᠢᠭᠲᠠᠢ ᠠᠳᠬᠤᠨ ᠴᠢᠳᠠᠮᠠᠭᠠᠢ ᠬᠠᠮᠢᠶᠠᠷᠴᠤ ᠬᠥᠮᠥᠨ ᠲᠠᠢ ᠮᠠᠭᠤᠳᠠᠯᠴᠠᠬᠤ ᠠᠴᠠ ᠠᠶᠤᠬᠤ ᠦᠭᠡᠢ ᠪᠠᠶᠢᠳᠠᠭ ᠺᠠᠳ᠋ᠷ ᠲᠤ ᠥᠮᠥᠭ ᠲᠦᠰᠢᠭ ᠪᠣᠯᠵᠤ ᠵᠣᠷᠢᠭᠵᠢᠭᠤᠯᠤᠨ᠂ ᠪᠣᠯᠣᠨ᠎ᠠ ᠭᠡᠵᠦ ᠪᠤᠳᠤᠬᠰᠠᠨ ᠬᠥᠮᠥᠨ ᠢᠶᠠᠨ ᠵᠣᠷᠢᠭᠲᠠᠢ ᠪᠠᠷ ᠬᠡᠷᠡᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ ᠬᠠᠮᠤᠭ ᠤᠨ ᠡᠴᠦᠰ ᠲᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠡᠭᠢᠯᠡᠯᠲᠡ ᠶᠢᠨ ᠵᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠨᠠᠩ ᠰᠠᠶᠢᠲᠤᠷ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢ ᠴᠢᠨᠠᠭᠰᠢᠳᠠ ᠬᠥᠲᠥᠯᠥᠨ ᠵᠢᠯᠤᠭᠤᠳᠴᠤ ᠢᠲᠡᠭᠡᠯ ᠵᠣᠷᠢᠭ ᠢ ᠨᠢ ᠬᠥᠪᠴᠢᠯᠡᠵᠦ᠂ ᠨᠡᠶᠢᠭᠡᠮ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠡᠷᠭᠢᠯᠲᠡ ᠶᠢᠨ ᠪᠦᠬᠦᠯᠢ ᠴᠣᠭᠴᠠ ᠶᠢᠨ ᠰᠠᠶᠢᠵᠢᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
    ᠯᠢ ᠴᠢᠶᠠᠩ ᠰᠤᠷᠤᠯᠭ᠎ᠠ ᠡᠭᠢᠯᠡᠭᠦ ᠶᠣᠰᠣᠯᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠢ ᠶᠡᠭᠡ ᠪᠠᠷ ᠪᠠᠶᠠᠯᠢᠭᠵᠢᠭᠤᠯᠤᠨ ᠬᠥᠭᠵᠢᠭᠦᠯᠵᠦ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠤᠨᠤᠯ ᠤᠨ ᠴᠢᠨᠠᠷ᠂ ᠬᠠᠨᠳᠤᠯᠭᠠᠲᠤ ᠴᠢᠨᠠᠷ᠂ ᠵᠢᠯᠤᠭᠤᠳᠬᠤ ᠴᠢᠨᠠᠷ ᠲᠠᠢ᠂ ᠪᠦᠭᠦ ᠨᠠᠮ ᠢᠶᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠵᠥᠪ ᠢᠶᠠᠷ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠬᠤ᠂ ᠪᠦᠭᠦ ᠲᠠᠯ᠎ᠠ ᠪᠠᠷ ᠡᠵᠡᠮᠰᠢᠬᠦ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠬᠦ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠬᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾  ᠶᠢ ᠪᠡᠶᠡᠯᠡᠭᠦᠯᠬᠦ᠂ ᠰᠢᠨ᠎ᠡ ᠠᠶᠠᠨ ᠳᠤ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠭᠦ ᠳᠤ ᠴᠥᠮ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠡᠰᠢᠭᠦᠨ ᠪᠤᠯᠬᠤ ᠨᠠᠮ ᠪᠣᠯᠣᠨ ᠲᠦᠷᠦ ᠶᠢᠨ ᠪᠤᠰᠤᠳ ᠤᠳᠤᠷᠢᠳᠬᠤ ᠨᠥᠬᠦᠳ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠰᠤᠷᠤᠯᠭ᠎ᠠ ᠡᠭᠢᠯᠡᠭᠦ ᠶᠣᠰᠣᠯᠠᠯ ᠳᠤ ᠣᠷᠣᠯᠴᠠᠵᠠᠢ᠃    ᠨᠠᠮ ᠤᠨ ᠲᠥᠪ ᠬᠤᠷᠢᠶ᠎ᠠ ᠳᠤ ᠰᠢᠨ᠎ᠡ ᠪᠠᠷ ᠣᠷᠣᠭᠰᠠᠨ ᠭᠡᠰᠢᠭᠦᠨ᠂ ᠣᠷᠣᠯᠠᠭᠴᠢ ᠭᠡᠰᠢᠭᠦᠨ᠂ ᠡᠯ᠎ᠡ ᠮᠤᠵᠢ ᠣᠷᠣᠨ ᠬᠤᠳᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ ᠤᠨ ᠭᠤᠣᠯ ᠬᠠᠷᠢᠭᠤᠴᠠᠯᠭᠠᠲᠠᠨ ᠨᠥᠬᠦᠳ᠂ ᠴᠢᠯᠦᠭᠡᠯᠡᠬᠦ ᠴᠡᠷᠢᠭ ᠤᠨ ᠡᠯ᠎ᠡ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠭᠤᠣᠯ ᠬᠠᠷᠢᠭᠤᠴᠠᠯᠭᠠᠲᠠᠨ ᠨᠥᠬᠦᠳ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠰᠤᠷᠤᠯᠭ᠎ᠠ ᠡᠭᠢᠯᠡᠭᠦ ᠶᠣᠰᠣᠯᠠᠯ ᠳᠤ ᠰᠤᠯᠠ ᠣᠷᠣᠯᠴᠠᠵᠠᠢ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号