ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠲᠤ ᠲᠤᠭᠤᠯ ᠢᠶᠠᠨ ᠲᠤᠰᠬᠤ ᠪᠠᠷ ᠶᠠᠭᠠᠷᠠᠯᠳᠤᠵᠦ ᠪᠠᠶᠢᠨ᠎ᠠ
ᠨᠡᠶᠢᠲᠡᠯᠡᠭᠰᠡᠨ ᠴᠠᠭ᠄
2023/3/1
   ᠬᠠᠪᠤᠷ ᠪᠣᠯᠬᠤ ᠳᠤ ᠲᠤᠭᠤᠯ ᠢᠶᠠᠨ ᠲᠤᠰᠬᠤ ᠳᠤ ᠶᠠᠭᠠᠷᠠᠳᠠᠭ᠃ 2 ᠰᠠᠷ᠎ᠠ ᠶᠢᠨ 28 ᠤ ᠡᠳᠦᠷ᠂ ᠰᠤᠷᠪᠤᠯᠵᠢᠯᠠᠭᠴᠢ ᠬᠢᠩᠭᠠᠨ ᠤ ᠠᠳᠠᠷ ᠬᠠᠭᠠᠯᠪᠤᠷᠢᠯᠠᠯᠲᠠ ᠶᠢᠨ ᠲᠤᠯᠢᠶᠠᠮᠤᠳᠤ ᠲᠠᠷᠢᠶᠠᠯᠠᠩ ᠤᠨ ᠲᠠᠯᠠᠪᠠᠢ ᠶᠢᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠲᠤ ᠬᠦᠷᠬᠦ ᠳᠤ᠂ ᠲᠠᠷᠭᠤ ᠬᠦᠴᠦ ᠰᠠᠶᠢᠲᠠᠢ ᠬᠠᠶᠢᠹᠦᠷᠲ ᠶᠢᠨ ᠰᠦ ᠮᠢᠬᠠᠨ ᠤ ᠬᠤᠣᠰ ᠬᠡᠷᠡᠭᠯᠡᠭᠡᠨ ᠤ ᠡᠭᠦᠯᠳᠡᠷ ᠤᠨ ᠦᠬᠡᠷ ᠪᠣᠷᠳᠤᠭ᠎ᠠ ᠢᠳᠡᠵᠦ ᠪᠠᠶᠢᠬᠤ ᠶᠢ ᠣᠯᠵᠤ ᠬᠠᠷᠠᠵᠠᠢ᠃ ᠪᠤᠶᠢᠵᠢᠭᠤᠯᠤᠯᠲᠠ ᠶᠢᠨ ᠰᠠᠷᠠᠪᠴᠢᠨ ᠳᠤ ᠨᠢᠭᠡ ᠲᠤᠭᠤᠯ ᠨᠢ ᠦᠰᠦᠷᠴᠦ ᠬᠠᠷᠠᠶᠢᠵᠤ᠂ ᠬᠥᠭᠡᠷᠦᠬᠦᠨ ᠪᠠᠶᠢᠳᠠᠭ᠃ ᠤᠢᠢᠷ᠎ᠠ ᠶᠢᠨ ᠵᠢᠯ ᠠᠴᠠ᠂ ᠲᠤᠯᠢᠶᠠᠮᠤᠳᠤ ᠲᠠᠷᠢᠶᠠᠯᠠᠩ ᠤᠨ ᠲᠠᠯᠠᠪᠠᠢ ᠢᠮᠠᠭᠲᠠ ᠦᠬᠡᠷ ᠤᠨ ᠠᠵᠤ ᠦᠢᠯᠡᠰ ᠢᠶᠠᠷ ᠠᠵᠢᠯᠳᠠᠨ ᠠᠵᠢᠯᠴᠢᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠳᠠᠶᠢᠴᠢᠯᠠᠬᠤ ᠲᠤᠯᠭᠠᠭᠤᠷᠢ ᠠᠵᠤ ᠦᠢᠯᠡᠰ ᠪᠣᠯᠭᠠᠵᠤ᠂ ᠮᠠᠯ ᠠᠵᠤ ᠠᠬᠤᠢ ᠶᠢᠨ ᠲᠡᠵᠢᠭᠡᠪᠦᠷᠢ ᠶᠢᠨ ᠰᠠᠶᠢᠵᠢᠷᠠᠭᠤᠯᠤᠯᠲᠠ ᠶᠢ ᠲᠠᠰᠤᠷᠠᠯᠳᠡ ᠦᠭᠡᠢ ᠠᠬᠢᠭᠤᠯᠵᠤ᠂ 2022 ᠣᠨ ᠳᠤ ᠲᠤᠯᠢᠶᠠᠮᠤᠳᠤ ᠲᠠᠷᠢᠶᠠᠯᠠᠩ ᠤᠨ ᠲᠠᠯᠠᠪᠠᠢ ᠶᠢᠨ ᠥᠪᠡᠷ ᠢᠶᠠᠨ ᠴᠤᠭᠯᠠᠭᠤᠯᠤᠭᠰᠠᠨ 1000 ᠲᠦᠮᠡᠨ ᠲᠥᠭᠦᠷᠢᠭ ᠤᠨ ᠪᠡᠯᠡ ᠮᠥᠩᠭᠦ ᠨᠢ ᠬᠠᠶᠢᠹᠦᠷᠲ ᠶᠢᠨ ᠰᠦ ᠮᠢᠬᠠᠨ ᠤ ᠬᠤᠣᠰ ᠬᠡᠷᠡᠭᠯᠡᠭᠡᠨ ᠤ ᠬᠡᠯᠪᠡᠷᠢ ᠶᠢᠨ ᠴᠢᠨᠠᠷ ᠰᠠᠶᠢᠲᠠᠢ ᠰᠠᠭᠤᠷᠢ ᠦᠬᠡᠷ ᠢ 500 ᠣᠷᠣᠭᠤᠯᠤᠨ ᠠᠪᠴᠢᠷᠠᠵᠤ᠂ ᠬᠡᠪᠴᠢᠶᠡᠵᠢᠭᠰᠡᠨ ᠮᠢᠬ᠎ᠠ  ᠰᠦ  ᠶᠢᠨ ᠬᠤᠣᠰ ᠬᠡᠷᠡᠭᠯᠡᠭᠡᠨ ᠤ ᠬᠡᠯᠪᠡᠷᠢ ᠶᠢᠨ ᠠᠵᠤ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠬᠥᠭᠵᠢᠭᠦᠯᠵᠡᠢ᠃ ᠣᠲᠣ ᠪᠣᠯᠲᠠᠯ᠎ᠠ᠂ ᠨᠡᠶᠢᠲᠡ 318 ᠲᠤᠭᠤᠯ ᠲᠤᠰᠴᠤ᠂ ᠲᠥᠯ ᠮᠠᠯ ᠤᠨ ᠡᠳᠡᠭᠡᠷᠡᠯᠲᠡ ᠶᠢᠨ ᠨᠣᠷᠮ᠎ᠠ 98% ᠠᠴᠠ ᠳᠡᠭᠡᠭᠰᠢ ᠬᠦᠷᠴᠦ᠂ ᠲᠤᠭᠤᠯ ᠲᠤᠰᠴᠤ ᠪᠤᠶᠢᠵᠢᠭᠤᠯᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃     ᠪᠤᠶᠠᠨᠳᠡᠯᠭᠡᠷ ᠰᠡᠭᠦᠳᠡᠷᠯᠡᠪᠡ    
 
ᠢᠷᠡᠯᠲᠡ᠄ ᠬᠢᠩᠭᠠᠨ  ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号