ᠪᠦᠬᠦ ᠠᠶᠢᠮᠠᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/1
   2 ᠰᠠᠷ᠎ᠠ ᠶᠢᠨ 26 ᠤ ᠡᠳᠦᠷ᠂ ᠪᠥᠬᠦ ᠠᠶᠢᠮᠠᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠤᠷᠠᠯ ᠠᠴᠠ᠂ 2022 ᠣᠨ ᠳᠤ᠂ ᠪᠦᠬᠦ ᠲᠠᠯ᠎ᠠ ᠪᠠᠷ ᠬᠠᠤᠯᠢ ᠪᠠᠷ ᠠᠶᠢᠮᠠᠭ ᠢ ᠵᠠᠰᠠᠬᠤ ᠪᠠ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠰᠢᠨ᠎ᠡ ᠪᠠᠶᠢᠳᠠᠯ ᠢ ᠡᠭᠦᠳᠴᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠨ᠎ᠡ ᠪᠠᠶᠢᠷᠢᠰᠢᠯ ᠢ ᠪᠤᠢ ᠪᠣᠯᠭᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠤᠯᠢ ᠪᠠᠷ ᠵᠠᠰᠠᠬᠤ ᠠᠵᠢᠯ ᠰᠢᠨ᠎ᠡ ᠳᠡᠭᠲᠡᠷ ᠲᠤ ᠭᠠᠷᠴᠤ᠂ ᠺᠠᠳ᠋ᠷ ᠤᠨ ᠡᠩᠨᠡᠭᠡᠨ ᠤ ᠴᠢᠳᠠᠪᠤᠷᠢ ᠰᠢᠨ᠎ᠡ ᠳᠡᠭᠡᠭᠰᠢᠯᠡᠯᠲᠡ ᠲᠠᠢ ᠪᠣᠯᠵᠠᠢ᠃    ᠬᠤᠷᠠᠯ ᠠᠴᠠ  ᠴᠢᠩᠭᠠᠳᠬᠠᠭᠰᠠᠨ ᠨᠢ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ 2023 ᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠬᠠᠤᠯᠢ ᠪᠠᠷ ᠠᠶᠢᠮᠠᠭ ᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠬᠦ ᠠᠵᠢᠯ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠦᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠦᠨ᠎ᠡ᠃ ᠦᠨᠳᠦᠰᠦ ᠪᠠᠨ ᠪᠠᠲᠤᠳᠬᠠᠨ ᠰᠠᠭᠤᠷᠢ ᠪᠠᠨ ᠪᠠᠬᠢᠵᠢᠭᠦᠯᠬᠦ ᠶᠢ ᠪᠠᠷᠢᠮᠲᠠᠯᠠᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠦᠨ᠎ᠡ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠦᠨ᠎ᠡ᠃ ᠨᠡᠶᠢᠳᠡᠮ ᠵᠠᠰᠠᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ  ᠲᠥᠪᠯᠡᠷᠡᠭᠦᠯᠬᠦ ᠬᠡᠷᠡᠭᠲᠡᠢ᠃ ︽ᠲᠦᠷᠪᠡᠨ ᠣᠳᠣᠬᠢᠴᠢᠯᠠᠯᠲᠠ︾ ᠶᠢᠨ ᠪᠠᠷᠢᠮᠵᠢᠶ᠎ᠠ ᠶᠢ ᠪᠠᠷᠢᠮᠲᠠᠯᠠᠵᠤ᠂ ᠰᠢᠯᠭᠠᠷᠠᠭᠰᠠᠨ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠬᠦ ᠬᠡᠷᠡᠭᠲᠡᠢ ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号