ᠰᠦᠬᠡ ᠬᠥᠬᠡᠬᠤᠲᠠ ᠳᠤ ᠰᠠᠭᠤᠭ᠎ᠠ ᠮᠣᠩᠭᠤᠯ ᠤᠯᠤᠰ ᠤᠨ ᠶᠡᠷᠦᠩᠬᠡᠶ ᠺᠤᠨᠰᠦ᠋ᠯ ᠲᠠᠢ ᠠᠭᠤᠯᠵᠠᠪᠠ
ᠨᠡᠶᠢᠲᠡᠯᠡᠭᠰᠡᠨ ᠴᠠᠭ᠄
2023/3/1
   2 ᠳ᠋ᠤᠭᠠᠷ ᠰᠠᠷ᠎ᠠ ᠶᠢᠨ 27 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠥᠬᠡᠬᠤᠲᠠ ᠳᠤ ᠬᠥᠬᠡᠬᠤᠲᠠ ᠳᠤ ᠰᠠᠭᠤᠭ᠎ᠠ ᠮᠣᠩᠭᠤᠯ ᠤᠯᠤᠰ ᠤᠨ ᠶᠡᠷᠦᠩᠬᠡᠶ ᠺᠤᠨᠰᠦ᠋ᠯ ᠰ᠊ · ᠪᠠᠳᠤᠬᠤᠶᠠᠭ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠪᠠᠨ ᠴᠢᠩᠭᠠᠳᠬᠠᠬᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠵᠡᠷᠭᠡ ᠲᠠᠯ᠎ᠠ ᠪᠠᠷ ᠵᠥᠪᠳᠡᠯᠴᠡᠬᠦ ᠶᠢᠨ ᠬᠠᠮᠲᠤ ᠰᠠᠨᠠᠯ ᠢᠶᠠᠨ ᠰᠣᠯᠢᠯᠴᠠᠪᠠ᠃    ᠬᠡᠯᠡᠯᠴᠡᠭᠡ ᠬᠢᠬᠦ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠷᠠᠰᠢᠶᠠᠨ —  ᠰᠦᠮᠪᠤᠷ ᠪᠣᠭᠤᠮᠲᠠ ᠶᠢᠨ ᠪᠠᠶᠢᠩᠭᠤ ᠨᠡᠬᠡᠬᠡᠯᠳᠡ ᠬᠢᠬᠦ ᠶᠢ ᠠᠬᠢᠭᠤᠯᠬᠤ᠂ ᠷᠠᠰᠢᠶᠠᠨ —  ᠰᠦᠮᠪᠤᠷ ᠪᠣᠭᠤᠮᠲᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶ᠎ᠠ ᠶᠢ ᠠᠬᠢᠭᠤᠯᠬᠤ᠂ ᠬᠢᠯᠢ ᠠᠯᠤᠰᠯᠠᠭᠰᠠᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠬᠢᠯᠢ ᠠᠯᠤᠰᠯᠠᠭᠰᠠᠨ ᠵᠤᠭᠠᠴᠠᠯ ᠤᠨ ᠬᠠᠮᠲᠤᠷᠠᠯᠴᠠᠭ᠎ᠠ ᠶᠢ ᠬᠠᠮᠲᠤᠪᠠᠷ ᠠᠬᠢᠭᠤᠯᠬᠤ᠂ ᠬᠢᠯᠢ ᠠᠯᠤᠰᠯᠠᠭᠰᠠᠨ ᠡᠨᠧᠷᠭᠢ ᠶᠢᠨ ᠲᠦᠷᠦᠯ ᠵᠦᠢᠯ ᠤᠨ ᠬᠠᠮᠲᠤᠷᠠᠯᠴᠠᠭ᠎ᠠ ᠶᠢ ᠠᠬᠢᠭᠤᠯᠬᠤ 5 ᠵᠦᠢᠯ ᠤᠨ ᠶᠠᠪᠤᠳᠠᠯ ᠤᠨ ᠲᠣᠭᠤᠷᠢᠨ ᠳᠤ ᠭᠦᠨᠵᠡᠭᠡᠢ ᠰᠣᠯᠢᠯᠴᠠᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠵᠠᠢ᠃ ᠬᠤᠶᠠᠷ ᠲᠠᠯ᠎ᠠ ᠪᠠᠷ ᠢᠶᠠᠨ ᠰᠠᠨᠠᠯ ᠨᠢᠭᠡᠲᠡᠶ ᠢᠯᠡᠷᠬᠡᠶᠢᠯᠡᠭᠰᠡᠨ ᠨᠢ᠂ ᠬᠤᠶᠠᠷ ᠤᠯᠤᠰ ᠤᠨ ᠲᠡᠷᠢᠭᠦᠨ ᠤ ᠠᠭᠤᠯᠵᠠᠯᠲᠠ ᠳᠤ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠳᠤᠮᠳᠠᠳᠤ ᠮᠣᠩᠭᠤᠯ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠴᠠᠭ᠎ᠠ ᠶᠢᠨ ᠪᠣᠷᠣ ᠲᠥᠯᠥᠪ ᠤᠨ ᠳᠣᠲᠣᠷ᠎ᠠ ᠬᠢᠩᠭᠠᠨ ᠠᠶᠢᠮᠠᠭ ᠤᠨ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠬᠠᠮᠢᠶ᠎ᠠ ᠪᠦᠬᠦᠢ ᠬᠠᠮᠲᠤᠷᠠᠯᠴᠠᠭᠠᠨ ᠤ ᠤᠴᠢᠷ ᠶᠠᠪᠤᠳᠠᠯ ᠳᠤ ᠠᠰᠢᠭᠲᠠᠶ ᠪᠠᠶᠢᠬᠤ ᠶᠢ ᠬᠠᠮᠲᠤᠪᠠᠷ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠠᠬᠤᠶ ᠠᠷᠠᠯᠵᠢᠶ᠎ᠠ ᠶᠢᠨ ᠶᠠᠪᠤᠯᠴᠠᠭ᠎ᠠ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠬᠢᠯᠢ ᠠᠯᠤᠰᠯᠠᠭᠰᠠᠨ  ᠵᠤᠭᠠᠴᠠᠯ᠂ ᠬᠢᠯᠢ ᠶᠢᠨ ᠠᠮᠤᠷ ᠲᠦᠪᠰᠢᠨ᠂ ᠴᠡᠪᠡᠷ ᠡᠨᠧᠷᠭᠢ ᠵᠡᠷᠭᠡ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠷᠠᠰᠢᠶᠠᠨ —  ᠴᠤᠶᠢᠪᠠᠯᠰᠠᠩ — ᠤᠯᠠᠭᠠᠨᠪᠠᠭᠠᠲᠤᠷ ᠤᠨ ᠣᠯᠠᠨ ᠤᠯᠤᠰ ᠤᠨ ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠭᠦᠯᠬᠦ ᠪᠠᠷ ᠴᠢᠷᠮᠠᠶᠢᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠬᠡᠪᠴᠢᠶ᠎ᠡ᠂ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠬᠠᠷᠢᠯᠴᠠᠨ ᠬᠠᠷᠠᠭᠠᠯᠵᠠᠵᠤ ᠬᠠᠮᠲᠤᠪᠠᠷ ᠠᠰᠢᠭ ᠭᠥᠷᠳᠡᠵᠦ᠂ ᠳᠤᠮᠳᠠᠳᠤ ᠮᠣᠩᠭᠤᠯ ᠤᠨ ᠨᠥᠬᠦᠷᠯᠡᠯ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号