ᠮᠠᠨ ᠤ ᠠᠶᠢᠮᠠᠭ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠡᠭᠡᠵᠢᠩ ᠳᠤ ᠬᠦᠷᠴᠦ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠳᠤ  ᠤᠷᠤᠯᠴᠠᠪᠠ
ᠨᠡᠶᠢᠲᠡᠯᠡᠭᠰᠡᠨ ᠴᠠᠭ᠄
2023/3/1
     ᠪᠦᠬᠦ ᠠᠶᠢᠮᠠᠭ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠭᠰᠠᠨ ᠬᠢᠩᠭᠠᠨ ᠠᠶᠢᠮᠠᠭ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 2 ᠲᠥᠯᠥᠭᠡᠯᠡᠭᠴᠢ 2 ᠰᠠᠷ᠎ᠠ ᠶᠢᠨ 27 ᠤ ᠡᠳᠦᠷ ᠪᠡᠭᠡᠵᠢᠩ ᠳᠤ ᠮᠣᠷᠳᠠᠪᠠ᠃    ᠬᠤᠷᠠᠯ ᠳᠤ ᠣᠷᠣᠯᠴᠠᠬᠤ ᠶᠢᠨ ᠲᠥᠯᠥᠭᠡ᠂ ᠲᠥᠯᠥᠭᠡᠯᠡᠭᠴᠢᠳ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ᠂ ᠴᠢᠨᠠᠷ ᠰᠠᠶᠢᠲᠠᠢ ᠬᠥᠭᠵᠢᠭᠦᠯᠬᠦ ᠵᠠᠮ ᠪᠠ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠴᠢᠨᠠᠷ ᠰᠠᠶᠢᠲᠠᠢ ᠬᠥᠭᠵᠢᠯᠲᠡ ᠵᠡᠷᠭᠡ ᠲᠠᠯ᠎ᠠ ᠪᠠᠷ ᠨᠠᠷᠢᠨ ᠬᠢᠨᠠᠮᠠᠭᠠᠢ ᠰᠠᠨᠠᠭᠤᠯᠭ᠎ᠠ ᠪᠡᠯᠡᠳᠬᠡᠪᠡ᠃    ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠵᠠᠯᠠᠶᠢᠳ ᠬᠤᠰᠢᠭᠤᠨ ᠤ ᠡᠤ ᠳ᠋ᠤᠤ ᠾᠧ ᠽᠢ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠳ᠋ᠦ᠋ ᠭᠠᠩ ᠬᠡᠯᠡᠬᠦ ᠳᠡᠭᠡᠨ᠂ ᠬᠢᠩᠭᠠᠨ ᠠᠶᠢᠮᠠᠭ ᠤᠨ ᠤᠰᠤᠨ ᠤ ᠴᠢᠨᠠᠷ᠂ ᠠᠭᠤᠷ ᠠᠮᠢᠰᠬᠤᠯ ᠤᠨ ᠨᠥᠬᠦᠴᠡᠯ ᠳᠠᠪᠠᠭᠤᠯᠢᠭ᠂ ᠤᠰᠤᠨ ᠲᠤᠲᠤᠷᠭ᠎ᠠ ᠪᠠ ᠰᠢᠷ᠎ᠠ ᠪᠤᠷᠴᠠᠭ ᠳᠠᠷᠢᠬᠤ ᠡᠯᠪᠡᠭ ᠪᠠᠶᠠᠯᠢᠭ ᠲᠤᠷᠰᠢᠯᠭ᠎ᠠ ᠲᠠᠢ᠂ ᠲᠡᠷᠡ ᠤᠯᠤᠰ ᠠᠴᠠ ᠨᠠᠩ ᠣᠯᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠠᠷᠠᠳ ᠣᠯᠠᠨ ᠤ ᠳᠠᠷᠢᠬᠤ ᠢᠳᠡᠪᠬᠢᠵᠢᠯ ᠢ ᠳᠡᠭᠡᠭᠰᠢᠯᠡᠭᠦᠯᠬᠦ ᠶᠢ ᠰᠠᠨᠠᠭᠠᠴᠢᠯᠠᠨ᠎ᠠ ᠭᠡᠵᠡᠶ᠃    ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠵᠠᠯᠠᠶᠢᠳ ᠬᠤᠰᠢᠭᠤᠨ ᠤ ᠤᠯᠠᠭᠠᠨᠮᠥ᠋ᠴᠢᠷ ᠤᠨ ᠳᠡᠳ᠋ ᠠᠩᠭᠢ ᠶᠢᠨ ᠳᠠᠷᠤᠭ᠎ᠠ  ᠾᠧ ᠮᠠᠶᠢᠯᠠᠰᠤ ᠢᠯᠡᠷᠬᠡᠶᠢᠯᠡᠬᠦ ᠳᠡᠭᠡᠨ᠂ ᠲᠡᠷᠡ ᠦᠨᠳᠦᠰᠦᠨ ᠱᠠᠲᠤᠨ ᠤ ᠤᠯᠠᠭᠠᠨᠮᠥ᠋ᠴᠢᠷ ᠲᠤ ᠠᠵᠢᠯᠯᠠᠭᠠᠳ ᠨᠢᠭᠡᠨᠲᠡ 13 ᠵᠢᠯ ᠪᠣᠯᠪᠠ᠂ ᠬᠥᠳᠡᠭᠡ ᠪᠠᠭᠤᠵᠤ ᠲᠣᠭᠯᠠᠯᠲᠠ ᠭᠠᠷᠭᠠᠬᠤ ᠦᠶ᠎ᠡ ᠳᠤ᠂ ᠠᠷᠠᠳ ᠢᠷᠭᠡᠳ ᠤᠨ ᠠᠮᠢᠳᠤᠷᠠᠯ ᠤᠯᠠᠮ ᠠᠴᠠ ᠤᠯᠠᠮ ᠪᠠᠶᠠᠨ ᠴᠢᠨᠡᠭᠡᠯᠢᠭ ᠪᠣᠯᠵᠣ᠂ ᠣᠯᠠᠨ ᠢᠶᠠᠷ ᠢᠶᠠᠨ ᠣᠶᠤᠨ ᠤ ᠰᠣᠶᠣᠯ ᠤᠨ ᠲᠠᠯ᠎ᠠ ᠪᠠᠷ ᠬᠢ ᠬᠡᠷᠡᠭᠴᠡᠭᠡ ᠨᠡᠮᠡᠭᠳᠡᠵᠦ ᠪᠠᠶᠢᠬᠤ ᠶᠢ ᠣᠯᠵᠤ ᠮᠡᠳᠡᠭᠡᠳ᠂ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠬᠠᠩᠭᠠᠯᠭ᠎ᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠤ ᠠᠷᠠᠳ ᠢᠷᠭᠡᠳ ᠤᠨ ᠣᠯᠠᠨ ᠶᠠᠩᠵᠤ ᠶᠢᠨ ᠰᠣᠶᠣᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠶ ᠭᠡᠵᠦ ᠰᠠᠨᠠᠭᠤᠯᠵᠠᠶ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号