ᠣᠶᠢᠷ᠎ᠠ ᠳᠤ᠂ ᠸᠢᠴᠠᠲ ᠤᠨ ᠠᠮᠤᠷ ᠲᠦᠪᠰᠢᠨ ᠤ ᠲᠥᠪ ᠠᠴᠠ ᠬᠠᠮᠤᠭ ᠤᠨ ᠰᠢᠨ᠎ᠡ ᠠᠯᠪᠠᠨ ᠵᠠᠷ | ᠨᠡᠶᠢᠲᠡᠯᠡᠪᠠ᠄ ᠰᠦᠯᠵᠢᠶ᠎ᠡ ᠪᠠᠷ ᠮᠡᠬᠡᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠡᠬᠡᠯᠡᠯ ᠤᠨ | ᠦᠢᠯᠡ ᠠᠵᠢᠯᠯᠠᠭ᠎ᠠ ᠣᠷᠣᠰᠢᠵᠤᠪᠠᠶᠢᠬᠤ ᠪᠠᠷ ᠨᠤᠳᠠᠯᠠᠬᠳᠠᠬᠰᠠᠨ ᠲᠠᠩᠰᠠᠨ ᠨᠣᠮᠧᠷ᠂ ᠲᠣᠭᠠᠴᠠᠭ᠎ᠠ ᠬᠢᠬᠦ ᠲᠠᠩᠰᠠᠨ | ᠡᠷᠦᠬᠡ ᠶᠢ ᠪᠢᠲᠡᠭᠦᠮᠵᠢᠯᠡᠬᠦ᠂ ᠴᠡᠪᠳᠡᠭᠯᠡᠬᠦ ᠵᠡᠷᠭᠡ ᠠᠷᠭ᠎ᠠ ᠠᠪᠤᠨ᠎ᠠ ᠬᠡᠪᠡ᠃ | ᠪᠠᠶᠢᠩᠭᠤ ᠲᠣᠬᠢᠶᠠᠯᠳᠤᠳᠠᠭ ᠣᠯᠠᠨ ᠡᠭᠦᠰᠳᠡᠭ ᠮᠡᠬᠡᠯᠡᠯ ᠤᠨ ᠲᠥᠷᠥᠯ ᠳᠤ᠄ | ᠬᠠᠭᠤᠳᠠᠰᠤ ᠰᠢᠷᠪᠢᠬᠦ ᠶᠢ ᠬᠠᠪᠰᠤᠷᠭᠠᠬᠰᠠᠨ ᠲᠥᠷᠥᠯ ᠤᠨ ᠮᠡᠬᠡᠯᠡᠯ᠂ ᠰᠦᠯᠵᠢᠶᠡᠨ ᠤ ᠵᠢᠭᠡᠯᠡᠯᠭᠡ ᠶᠢᠨ | ᠲᠥᠷᠥᠯ ᠤᠨ ᠮᠡᠬᠡᠯᠡᠯ᠂ ᠵᠣᠴᠢᠳ ᠤᠨ ᠦᠢᠯᠡᠴᠢᠯᠡᠭᠡ ᠪᠠᠷ ᠣᠪᠯᠠᠵᠤ ᠵᠣᠭᠤᠰ ᠪᠤᠴᠠᠭᠠᠬᠤ ᠲᠥᠷᠥᠯ ᠤᠨ ᠮᠡᠬᠡᠯᠡᠯ᠂ | ᠪᠠᠯᠠ ᠣᠷᠣᠭᠤᠯᠵᠤ ᠡᠳ᠋ᠬᠠᠮᠢᠶᠠᠷᠬᠤ ᠲᠥᠷᠥᠯ ᠤᠨ ᠮᠡᠬᠡᠯᠡᠯ᠂ ᠪᠠᠷᠠᠭ᠎ᠠ ᠬᠤᠳᠠᠯᠳᠤᠨ ᠠᠪᠬᠤ ᠬᠤᠳᠠᠯ | ᠬᠠᠭᠤᠷᠮᠠᠭ ᠦᠢᠯᠡᠴᠢᠯᠡᠭᠡᠨ ᠤ ᠲᠥᠷᠥᠯ ᠤᠨ ᠮᠡᠬᠡᠯᠡᠯ᠂ ︽ᠭᠠᠭ᠋ᠠᠶ ᠠᠯᠠᠬᠤ ᠲᠠᠪᠠᠭ︾ ᠤᠨ ᠮᠡᠬᠡᠯᠡᠯ᠂ ᠤᠳᠤᠷᠢᠳᠤᠯᠭ᠎ᠠ | ᠪᠤᠯᠤᠨ ᠲᠠᠨᠢᠯ ᠬᠥᠮᠦᠨ ᠢᠶᠠᠷ ᠤᠪᠯᠠᠬᠤ ᠲᠥᠷᠥᠯ ᠤᠨ ᠮᠡᠬᠡᠯᠡᠯ᠂︽ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠪᠠᠶᠢᠴᠠᠭᠠᠬᠤ ᠬᠤᠷᠢᠶ᠎ᠠ ᠰᠢᠭᠦᠬᠦ ᠬᠤᠷᠢᠶ᠎ᠠ︾ ᠶᠢᠨ ᠬᠢᠨ ᠢᠶᠠᠷ ᠤᠪᠯᠠᠬᠤ ᠲᠥᠷᠥᠯ ᠤᠨᠮᠡᠬᠡᠯᠡᠯ᠂ ᠰᠦᠯᠵᠢᠶᠡᠨ ᠤ | ᠲᠣᠭᠯᠠᠭᠠᠮ ᠤᠨ ᠬᠤᠳᠠᠯ ᠬᠠᠭᠤᠷᠮᠠᠭ ᠢᠶᠠᠷ ᠠᠷᠠᠯᠵᠢᠶᠠᠯᠠᠬᠤ ᠲᠥᠷᠥᠯ ᠤᠨ ᠮᠡᠬᠡᠯᠡᠯ᠂ | ᠵᠢᠭᠡᠯᠡᠯᠭᠡ ᠵᠢᠨᠢᠲᠡᠭᠡᠮᠵᠢ ᠶᠢᠨ ᠺᠠᠷᠲ ᠤᠨ ᠲᠥᠷᠥᠯ᠁ ᠪᠤᠢ᠃ | ᠡᠲᠡᠭᠡᠷ ᠮᠡᠬᠡᠯᠡᠬᠦ ᠠᠵᠢᠯᠯᠠᠭ᠎ᠠ ᠨᠢ ᠸᠢᠴᠠᠲ ᠤᠨ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ | ᠬᠦᠨᠳᠦ ᠨᠣᠴᠢᠲᠠᠶ ᠨᠥᠯᠥᠭᠡᠯᠡᠵᠦ᠂ ᠲᠠᠪᠴᠠᠩ ᠤᠨ ᠠᠮᠢ ᠠᠬᠤᠶ ᠶᠢᠨ ᠣᠷᠴᠢᠨ ᠨᠥᠬᠦᠴᠡᠯ ᠢ ᠡᠪᠳᠡᠳᠡᠭ᠃ ᠸᠢᠴᠠᠲ | ᠤᠨ ᠬᠢᠨᠢ ᠲᠠᠪᠴᠠᠩ ᠳᠣᠲᠣᠷ᠎ᠠ ᠡᠭᠦᠰᠦᠭᠰᠡᠨ ᠡᠯ᠎ᠡ ᠲᠥᠷᠥᠯ ᠤᠨ ᠮᠡᠬᠡᠯᠡᠯ ᠤᠨ ᠠᠵᠢᠯᠯᠠᠭ᠎ᠠ ᠶᠢ ᠭᠤᠤᠯᠳᠠᠯᠭ᠎ᠠ ᠲᠠᠢ | ᠠᠩᠬᠠᠷᠴᠤ᠂ ᠡᠷᠡᠰ ᠰᠢᠭᠤᠷᠬᠠᠢᠰᠢᠢᠳᠪᠦᠷᠢᠯᠡᠵᠦ᠂ ᠴᠢᠩᠭ᠎ᠠ ᠴᠣᠬᠢᠯᠲᠠ ᠥᠭᠭᠦᠭᠰᠡᠭᠡᠷ ᠢᠷᠡᠵᠡᠶ᠃ | ᠤᠯᠤᠰ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ︽ᠲᠧᠩ ᠰᠢᠶᠦ᠋ᠨ ᠸᠢᠴᠠᠲ ᠤᠨ | ᠵᠥᠭᠡᠯᠡᠨᠲ᠋ᠣᠨᠤᠭ ᠤᠨ ᠵᠥᠪᠰᠢᠶᠡᠷᠡᠯ ᠵᠢᠴᠢ ᠦᠢᠯᠡᠴᠢᠯᠡᠭᠡᠨ ᠤ ᠵᠥᠪᠯᠡᠯᠴᠡᠭᠡᠷ︾᠂ ︽ᠸᠢᠴᠠᠲ ᠤᠨ ᠬᠤᠪᠢ | ᠬᠥᠮᠦᠨ ᠤ ᠲᠠᠩᠰᠠᠨ ᠨᠣᠮᠧᠷ ᠢ ᠬᠡᠷᠡᠭᠯᠡᠬᠦ ᠵᠢᠷᠤᠮᠵᠢᠯ︾ ᠢ ᠦᠨᠳᠦᠰᠦᠯᠡᠨ᠂ ᠬᠡᠷᠡᠭᠯᠡᠭᠴᠢ ᠶᠢᠨ ᠵᠠᠭᠠᠯᠳᠤᠯᠭ᠎ᠠ ᠳᠤ | ᠲᠤᠰᠢᠶᠠᠭᠰᠠᠨ ᠭᠡᠷᠡᠴᠢ ᠪᠠᠷᠢᠮᠲᠠ ᠶᠢ ᠬᠢᠨᠠᠨᠬᠠᠷᠭᠤᠭᠤᠯᠤᠭᠰᠠᠨ ᠤ ᠳᠠᠷᠠᠭ᠎ᠠ᠂ ᠮᠡᠬᠡᠯᠡᠯ ᠤᠨ ᠦᠢᠯᠡ ᠠᠵᠢᠯᠯᠠᠭ᠎ᠠ | ᠣᠷᠣᠰᠢᠵᠤ ᠪᠠᠶᠢᠬᠤ ᠪᠠᠷ ᠨᠤᠳᠠᠯᠠᠬᠳᠠᠬᠰᠠᠨ ᠲᠠᠩᠰᠠᠨᠨᠣᠮᠧᠷ᠂ ᠸᠢᠴᠠᠲ ᠤᠨ ᠬᠢᠨ ᠢ ᠲᠣᠭᠲᠠᠭᠠᠯ ᠠᠴᠠ | ᠵᠥᠷᠢᠴᠡᠭᠰᠡᠨ ᠬᠡᠮᠵᠢᠶ᠎ᠡ ᠶᠢ ᠨᠢ ᠦᠵᠡᠵᠦ ᠪᠠᠶᠢᠭᠠᠳ ᠴᠢᠳᠠᠮᠵᠢ ᠶᠢ ᠨᠢᠬᠢᠵᠠᠭᠠᠷᠯᠠᠬᠤ᠂ ᠲᠠᠩᠰᠠᠨ ᠨᠣᠮᠧᠷ ᠢ ᠨᠢ | ᠪᠢᠲᠡᠭᠦᠮᠵᠢᠯᠡᠬᠦ ᠵᠡᠷᠭᠡ ᠱᠠᠲᠤᠯᠢᠭ ᠬᠡᠯᠪᠡᠷᠢ ᠪᠠᠷ ᠰᠢᠢᠳᠪᠦᠷᠢᠯᠡᠨ᠎ᠡ︔ ᠮᠡᠬᠡᠯᠡᠯ ᠤᠨ ᠦᠢᠯᠡ ᠠᠵᠢᠯᠯᠠᠭ᠎ᠠ ᠲᠠᠢ ᠪᠠᠷ | ᠨᠤᠳᠠᠯᠠᠬᠳᠠᠬᠰᠠᠨ ᠲᠣᠭᠠᠴᠠᠭ᠎ᠠ ᠬᠢᠬᠦ ᠳᠠᠩᠰᠠᠨ ᠡᠷᠦᠬᠡ ᠶᠢ ᠴᠡᠪᠳᠡᠭᠯᠡᠬᠦ ᠵᠡᠷᠭᠡ ᠪᠠᠷ ᠰᠢᠢᠳᠪᠦᠷᠢᠯᠡᠨ᠎ᠡ᠃ |