ᠬᠢᠩᠭᠠᠨ ᠠᠶᠢᠮᠠᠭ᠄ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭ ᠨᠢ ᠠᠵᠢᠯ ᠣᠯᠵᠤ ᠠᠷᠠᠳ ᠢ ᠪᠠᠶᠠᠵᠢᠭᠤᠯᠬᠤ ᠳᠤ ︽ᠰᠢᠨ᠎ᠡ ᠬᠥᠳᠡᠯᠭᠡᠭᠴᠢ ᠡᠨᠧᠷᠭᠢ︾ ᠨᠡᠮᠡᠷᠢᠯᠡᠨ᠎ᠡ
ᠨᠡᠶᠢᠲᠡᠯᠡᠭᠰᠡᠨ ᠴᠠᠭ᠄
2023/3/1
   ︽ᠪᠢ ᠠᠳᠡ ᠦᠷᠭᠦᠯᠵᠢᠯᠡᠨ ᠠᠵᠢᠯᠯᠠᠶ᠎ᠠ ᠭᠡᠵᠦ ᠪᠣᠳᠣᠵᠤ  ᠪᠠᠶᠢᠨ᠎ᠠ︕︾ ᠭᠡᠵᠦ ᠬᠢᠩᠭᠠᠨ ᠤ ᠭᠡᠷ ᠠᠬᠤᠢ ᠶᠢᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦ᠋  ᠵᠢᠢ ᠰᠢᠶᠠᠩ ᠤᠨ ᠯᠢ ᠴᠦᠨ ᠬᠤᠩ ᠤᠨ ᠶᠠᠷᠢᠶᠠᠨ ᠳᠤ ᠪᠠᠶᠠᠷ ᠪᠠᠭ᠋ᠠᠳᠤᠯ ᠢ ᠢᠯᠡᠳᠬᠡᠵᠡᠢ᠃ ᠯᠢ ᠴᠦᠨ ᠬᠤᠩ ᠡᠷᠲᠡ ᠦᠶ᠎ᠡ ᠳᠤ ᠡᠷ᠎ᠡ ᠨᠥᠬᠦᠷ ᠨᠢ ᠨᠠᠰᠤ ᠪᠠᠷᠠᠭᠰᠠᠨ ᠤ ᠬᠠᠷᠠᠭ᠎ᠠ ᠪᠠᠷ ᠭᠡᠷ ᠪᠦᠯᠢ ᠨᠢ ᠲᠦᠢᠯ ᠤᠨ ᠬᠦᠴᠢᠷᠳᠡᠯ ᠲᠠᠢ ᠪᠠᠶᠢᠪᠠ᠂ 2011 ᠣᠨ ᠳᠤ᠂ ᠲᠡᠷᠡ ᠬᠢᠩᠭᠠᠨ ᠤ ᠭᠡᠷ ᠤᠨ ᠶᠠᠪᠤᠳᠠᠯ ᠤᠨ  ᠰᠠᠷ᠎ᠠ ᠰᠠᠭᠤᠭᠰᠠᠨ ᠢ ᠠᠰᠠᠷᠠᠭᠴᠢ ᠪᠣᠯᠪᠠᠰᠤᠷᠠᠯ ᠤᠨ ᠠᠩᠬᠢ ᠳᠤ ᠣᠷᠣᠯᠴᠠᠭᠰᠠᠨ ᠤ ᠳᠠᠷᠠᠭ᠎ᠠ ᠰᠢᠭᠤᠳ ᠠᠵᠢᠯ ᠤᠨ ᠪᠠᠶᠢᠷᠢ ᠳᠤ ᠲᠠᠨᠢᠯᠴᠠᠭᠤᠯᠤᠭᠳᠠᠵᠤ᠂ 12 ᠵᠢᠯ ᠤᠨ ᠲᠤᠷᠰᠢ᠂ ᠲᠦᠮᠡᠨ ᠲᠥᠭᠦᠷᠢᠭ ᠰᠢᠬᠠᠮ ᠤᠨ ᠰᠠᠷ᠎ᠠ ᠶᠢᠨ ᠴᠠᠯᠢᠩ ᠨᠢ ᠲᠡᠭᠦᠨ ᠤ ᠠᠮᠢᠳᠤᠷᠠᠯ ᠢ ᠡᠳᠦᠷ ᠠᠴᠠ ᠡᠳᠦᠷ ᠰᠠᠶᠢᠵᠢᠷᠠᠭᠤᠯᠪᠠ᠃    ᠡᠨᠡ ᠪᠣᠯ ᠬᠢᠩᠭᠠᠨ ᠠᠶᠢᠮᠠᠭ ᠤᠨ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠴᠦ ᠠᠵᠢᠯ ᠣᠯᠭᠤᠯᠲᠠ ᠶᠢ ᠠᠬᠢᠭᠤᠯᠤᠭᠰᠠᠨ ᠬᠤᠷᠢᠶᠠᠩᠭᠤᠢ ᠳᠦᠷᠰᠦ ᠪᠣᠯᠤᠨ᠎ᠠ᠃    ᠲᠦᠷᠦᠭᠦᠬᠡᠨ᠂ ᠬᠢᠩᠭᠠᠨ ᠬᠤᠲᠠ ᠶᠢᠨ ᠬᠡᠷ ᠠᠬᠤᠶ ᠶᠢᠨ  ᠦᠢᠯᠡᠰ ᠨᠢ 2022 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠯᠮᠦᠷᠢ  ᠦᠢᠯᠡᠴᠢᠯᠡᠭᠡᠨ ᠤ ᠨᠠᠷᠠᠲᠤ ᠲᠡᠮᠳᠡᠭ ᠢᠶᠠᠷ ᠦᠨᠡᠯᠡᠭᠳᠡᠪᠡ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2003 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠬᠢᠩᠭᠠᠨ ᠤ ᠬᠡᠷ ᠠᠬᠤᠶ ᠶᠢᠨ ᠠᠵᠢᠯᠲᠠᠳ ᠢ ᠨᠡᠶᠢᠲᠡ 12 ᠲᠦᠮᠡ ᠭᠠᠷᠤᠶ ᠬᠥᠮᠦᠨ ᠤᠳᠠᠭ᠎ᠠ ᠪᠣᠯᠪᠠᠰᠤᠷᠠᠭᠤᠯᠤᠭᠰᠠᠨ ᠤ ᠬᠠᠮᠲᠤ ᠪᠡᠭᠡᠵᠢᠩ᠂ ᠭᠤᠸᠠᠩᠳᠦ᠋ᠩ᠂ ᠦᠬᠠᠨ ᠵᠡᠷᠭᠡ ᠭᠠᠵᠠᠷ ᠲᠤ 6.8 ᠲᠦᠮᠡᠨ ᠬᠥᠮᠦᠨ ᠤᠳᠠᠭ᠎ᠠ ᠬᠥᠳᠡᠯᠮᠦᠷᠢ ᠬᠦᠴᠦ ᠭᠠᠷᠭᠠᠵᠤ᠂ ᠨᠡᠶᠢᠲᠡ 50 ᠲᠦᠮᠡ ᠭᠠᠷᠤᠶ ᠬᠡᠷ ᠪᠦᠯᠢ ᠳᠤ ᠦᠢᠯᠡᠴᠢᠯᠡᠵᠦ᠂ ᠬᠢᠩᠭᠠᠨ ᠤ ᠬᠡᠷ ᠠᠬᠤᠶ ᠶᠢᠨ ᠠᠵᠢᠯ ᠨᠢ ᠴᠦ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ᠂ ᠠᠷᠠᠳ ᠲᠤ ᠲᠥᠬᠦᠮ ᠦᠵᠡᠭᠦᠯᠵᠦ ᠨᠠᠰᠤᠲᠠᠶᠢᠴᠤᠳ ᠲᠤ  ᠦᠢᠯᠡᠴᠢᠯᠡᠬᠦ ᠲᠥᠪ᠂ ᠡᠬᠡ ᠨᠢᠯᠬᠠᠰ ᠤᠨ ᠰᠠᠷ᠎ᠠ ᠶᠢᠨ ᠬᠡᠤᠬᠡᠳ ᠤᠨ ᠴᠤᠭᠯᠠᠭᠠᠨ ᠤ ᠭᠠᠵᠠᠷ ᠵᠡᠷᠭᠡ ᠠᠭᠤᠯᠭ᠎ᠠ ᠶᠢ ᠪᠠᠭᠲᠠᠭᠠᠭᠰᠠᠨ ᠪᠦᠯᠦᠭᠯᠡᠯᠵᠢᠭᠰᠡᠨ ᠠᠵᠤ ᠠᠬᠤᠶᠢᠯᠠᠯ ᠪᠣᠯᠤᠭᠰᠠᠨ ᠪᠠᠶᠢᠨ᠎ᠠ᠃    ᠬᠢᠩᠭᠠᠨ ᠤ ᠬᠡᠷ ᠠᠬᠤᠶ ᠶᠢᠨ 700 ᠭᠠᠷᠤᠶ ᠬᠡᠷ ᠠᠬᠤᠶ ᠶᠢᠨ ᠦᠢᠯᠡᠴᠢᠯᠡᠭᠡᠨ ᠤ ᠠᠵᠢᠯᠲᠠᠨ ᠬᠤᠳᠠᠯᠳᠤᠭᠠᠨ ᠤ ᠶᠠᠪᠤᠳᠠᠯ ᠤᠨ ᠶᠠᠮᠤᠨ ᠤ ᠢᠲᠡᠭᠡᠮᠵᠢ ᠶᠢᠨ ᠲᠠᠪᠴᠠᠩ ᠳᠤ ᠢᠲᠡᠭᠡᠮᠵᠢ ᠶᠢᠨ ᠮᠡᠳᠡᠭᠡ ᠵᠠᠩᠭᠢ ᠶᠢ ᠪᠢᠴᠢᠵᠦ ᠣᠷᠣᠭᠤᠯᠤᠭᠰᠠᠨ ᠪᠣᠯᠬᠤᠷ ᠪᠥᠬᠦ ᠤᠯᠤᠰ ᠤᠨ ᠡᠯ᠎ᠡ ᠭᠠᠵᠠᠷ ᠤᠨ ᠬᠡᠷᠡᠭᠯᠡᠭᠴᠢᠳ ᠰᠦᠯᠵᠢᠶᠡᠨ ᠳᠡᠭᠡᠷ᠎ᠡ ᠬᠡᠷ ᠠᠬᠤᠶ ᠶᠢᠨ ᠦᠢᠯᠡᠴᠢᠯᠡᠭᠡᠨ ᠤ ᠦᠢᠯᠡᠴᠢᠯᠡᠭᠴᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠯᠠᠪᠯᠠᠵᠤ ᠪᠣᠯᠤᠨ᠎ᠠ︾ ᠭᠡᠵᠡᠶ᠃ ᠬᠢᠩᠭᠠᠨ ᠤ ᠬᠡᠷ ᠤᠨ ᠶᠠᠪᠤᠳᠠᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠳ᠋ᠦᠩ ᠮᠧᠶ ᠶᠢᠨ ᠲᠠᠨᠢᠯᠴᠠᠭᠤᠯᠤᠭᠰᠠᠨ ᠢᠶᠠᠷ᠂ ᠬᠢᠩᠭᠠᠨ ᠤ ᠬᠡᠷ ᠤᠨ ᠶᠠᠪᠤᠳᠠᠯ ᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠳᠤ ᠲᠥᠮᠥᠰᠥᠨ ᠤ ᠰᠢᠷᠬᠡᠭ ᠢ ᠬᠡᠷᠬᠢᠨ ᠬᠡᠷᠴᠢᠬᠦ᠂ ᠨᠢᠯᠬ᠎ᠠ ᠬᠡᠤᠬᠡᠳ ᠤᠨ ᠬᠦᠯᠳᠦᠭ ᠢ ᠬᠡᠷᠬᠢᠨ ᠰᠣᠯᠢᠵᠤ ᠥᠭᠬᠦ᠂ ᠳᠠᠬᠢᠨ ᠡᠷᠡᠭᠦᠯᠵᠢᠭᠦᠯᠬᠦ ᠡᠮᠴᠢᠯᠡᠭᠡ ᠬᠢᠬᠦ ᠬᠦᠷᠲᠡᠯ᠎ᠡ ᠴᠥᠮ ᠪᠠᠷᠢᠮᠵᠢᠶᠠᠲᠤ ᠠᠯᠬᠤᠮ ᠳᠠᠷᠠᠭ᠎ᠠ ᠲᠠᠢ ᠪᠠᠶᠢᠳᠠᠭ᠃ ︽ᠨᠠᠷᠠᠲᠤ ᠲᠡᠮᠳᠡᠭ ᠤᠨ ᠪᠠᠶᠢᠭᠤᠯᠤᠯᠲᠠ ᠳᠤ ᠪᠢᠳᠡ ᠪᠠᠰᠠ ᠦᠨᠡᠨᠴᠢ ᠢᠲᠡᠭᠡᠮᠵᠢᠲᠡᠶ᠂ ᠠᠵᠢᠯᠴᠢ ᠬᠥᠳᠡᠯᠮᠦᠷᠢᠴᠢ᠂ ᠲᠤᠰᠬᠠᠶ ᠮᠡᠷᠭᠡᠵᠢᠯ ᠤᠨ ᠰᠣᠶᠣᠯ ᠤᠨ ᠠᠭᠤᠯᠬᠤᠨ ᠲᠠᠢ ᠪᠠᠶᠢᠵᠤ᠂ ︿ᠬᠢᠩᠭᠠᠨ ᠤ ᠬᠡᠷ ᠠᠬᠤᠶ ᠶᠢᠨ  ᠦᠢᠯᠡᠰ﹀ ᠢ ᠬᠥᠮᠦᠰ ᠤᠨ ᠢᠲᠡᠭᠡᠯ ᠢ ᠣᠯᠤᠭᠰᠠᠨ ᠥᠪᠡᠷᠮᠢᠴᠡ ᠣᠨᠴᠠᠯᠢᠭ ᠲᠠᠢ ᠬᠥᠳᠡᠯᠮᠦᠷᠢ  ᠦᠢᠯᠡᠴᠢᠯᠡᠭᠡᠨ ᠤ ᠨᠠᠷᠠᠲᠤ ᠲᠡᠮᠳᠡᠭ ᠪᠣᠯᠭᠠᠭᠰᠠᠨ ᠪᠠᠶᠢᠨ᠎ᠠ︾᠃ ᠭᠡᠵᠦ ᠯᠢ ᠳ᠋ᠦᠩ ᠮᠧᠢ ᠬᠡᠯᠡᠪᠡ᠃    ᠬᠢᠩᠭᠠᠨ ᠤ ᠭᠡᠷ ᠤᠨ ᠶᠠᠪᠤᠳᠠᠯ ᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠬᠢᠴᠢᠶᠡᠯ ᠤᠨ ᠭᠡᠷ ᠤᠨ ᠲᠠᠶᠢᠰᠠᠨ ᠳᠡᠭᠡᠷ᠎ᠡ᠂ ᠪᠡᠭᠡᠵᠢᠩ ᠠᠴᠠ ᠢᠷᠡᠭᠰᠡᠨ ᠨᠢᠯᠬ᠎ᠠ ᠬᠡᠦᠬᠡᠳ ᠬᠥᠮᠦᠵᠢᠭᠦᠯᠬᠦ ᠲᠤᠰᠬᠠᠢ ᠮᠡᠷᠭᠡᠵᠢᠯ ᠤᠨ ᠪᠣᠯᠪᠠᠰᠤᠷᠠᠯ ᠤᠨ ᠪᠠᠭᠰᠢ ᠱᠤᠤ ᠴᠧᠨ ᠨᠠᠷᠢᠨ ᠬᠢᠨᠠᠮᠠᠭᠠᠢ ᠬᠢᠴᠢᠶᠡᠯ ᠣᠷᠣᠵᠤ ᠪᠠᠶᠢᠪᠠ᠂ ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤ ᠶᠢᠨ ᠶᠣᠣ ᠯᠧ ᠭᠠᠴᠠᠭᠠᠨ ᠤ ᠸᠠᠩ ᠯᠠᠢ  ᠰᠢᠦ᠋ᠩ ᠬᠢᠴᠢᠶᠡᠯ ᠳᠡᠭᠡᠨ ᠶᠡᠬᠡᠳᠡ ᠲᠠᠲᠠᠭᠳᠠᠪᠠ᠃ ︽ᠥᠨᠥᠳᠦᠷ ᠪᠣᠯ ᠮᠢᠨᠦ ᠪᠣᠯᠪᠠᠰᠤᠷᠠᠯ ᠳᠤ ᠣᠷᠣᠯᠴᠠᠭᠰᠠᠨ ᠭᠤᠷᠪᠠᠳᠠᠬᠢ ᠡᠳᠦᠷ ᠪᠣᠯᠤᠨ᠎ᠠ᠂ ᠳᠡᠷᠭᠡᠳᠡᠬᠢ ᠬᠥᠮᠦᠰ ᠪᠦᠷ ᠬᠢᠩᠭᠠᠨ ᠤ ᠭᠡᠷ ᠤᠨ ᠶᠠᠪᠤᠳᠠᠯ ᠤᠨ ᠪᠣᠯᠪᠠᠰᠤᠷᠠᠯ ᠳᠤ ᠣᠷᠣᠯᠴᠠᠭᠰᠠᠨ ᠰᠠᠷ᠎ᠠ ᠰᠠᠭᠤᠭᠰᠠᠨ ᠢ ᠠᠰᠠᠷᠠᠭᠴᠢ  ᠢ ᠢᠲᠡᠭᠡᠵᠦ ᠪᠠᠶᠢᠨ᠎ᠠ︾ ᠃ ᠸᠠᠩ ᠯᠠᠶ ᠰᠢᠦ᠋ᠩ ᠬᠡᠯᠡᠬᠦ ᠳᠡᠭᠡᠨ᠂ ᠬᠢᠩᠭᠠᠨ ᠤ ᠬᠡᠷ ᠠᠬᠤᠶ ᠶᠢᠨ ᠪᠣᠯᠪᠠᠰᠤᠷᠠᠯ ᠳᠤ ᠣᠷᠣᠯᠴᠠᠭᠰᠠᠨ ᠤ ᠳᠠᠷᠠᠭ᠎ᠠ᠂ ᠲᠡᠷᠡ ᠲᠠᠷᠢᠶᠠᠯᠠᠩ ᠤᠨ ᠰᠡᠯᠡᠭᠦᠦ ᠴᠠᠭ ᠲᠤ ᠰᠠᠷ᠎ᠠ ᠰᠠᠭᠤᠭᠰᠠᠨ ᠢ ᠠᠰᠠᠷᠠᠭᠴᠢ ᠪᠣᠯᠵᠣ ᠪᠣᠯᠤᠨ᠎ᠠ᠂ ᠵᠢᠱᠢᠯᠲᠡ ᠪᠠᠷ ᠰᠠᠷ᠎ᠠ ᠶᠢᠨ ᠣᠷᠣᠯᠭ᠎ᠠ ᠨᠢ 5000 ᠲᠥᠭᠦᠷᠢᠭ ᠠᠴᠠ ᠳᠡᠭᠡᠭᠰᠢ ᠪᠣᠯᠤᠨ᠎ᠠ ᠭᠡᠵᠡᠶ᠃     ︽ᠮᠠᠨ ᠤ ᠬᠢᠩᠭᠠᠨ ᠤ ᠭᠡᠷ ᠠᠬᠤᠶ ᠶᠢᠨ ᠨᠡᠶᠢᠭᠡᠮᠯᠢᠭ ᠰᠤᠷᠤᠭᠴᠢᠳ ᠤᠨ ᠥᠪᠡᠷ ᠤᠨ ᠬᠢᠨᠢ ᠪᠠᠶᠢᠳᠠᠯ ᠢ ᠦᠨᠳᠦᠰᠦᠯᠡᠨ ᠠᠵᠢᠯ ᠤᠨ ᠪᠠᠶᠢᠷᠢ ᠲᠠᠨᠢᠯᠴᠠᠭᠤᠯᠬᠤ ᠶᠢᠨ ᠬᠠᠮᠲᠤ ᠰᠤᠷᠤᠭᠴᠢᠳ ᠤᠨ ᠠᠵᠢᠯ ᠤᠨ ᠳᠤᠮᠳᠠ ᠲᠣᠬᠢᠶᠠᠯᠳᠤᠭᠰᠠᠨ ᠬᠦᠴᠢᠷᠳᠡᠯ ᠢ ᠨᠢᠭᠲᠠ ᠠᠩᠬᠠᠷᠴᠤ᠂ ᠬᠡᠵᠢᠶ᠎ᠡ ᠳᠠᠭᠤᠳᠠᠪᠠᠯ ᠬᠡᠵᠢᠶ᠎ᠡ ᠢᠷᠡᠵᠦ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠪᠣᠯᠪᠠᠰᠤᠷᠠᠭᠤᠯᠤᠯ᠂ ᠠᠵᠢᠯ ᠣᠯᠭᠤᠯᠲᠠ᠂ ᠬᠢᠨᠠᠨ ᠲᠣᠭᠲᠠᠭᠠᠯᠲᠠ᠂ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠬᠠᠪᠰᠤᠷᠤᠯᠭ᠎ᠠ ᠦᠵᠡᠭᠦᠯᠬᠦ ᠶᠠᠪᠤᠴᠠ ᠶᠢ ᠪᠡᠶᠡᠯᠡᠭᠦᠯᠵᠦ᠂ ᠰᠤᠷᠤᠭᠴᠢᠳ ᠤᠨ ᠢᠲᠡᠭᠡᠯ ᠵᠣᠷᠢᠭ ᠲᠠᠢ᠂ ᠰᠠᠶᠢᠨ ᠠᠵᠢᠯᠯᠠᠬᠤ ᠶᠢ ᠪᠠᠲᠤᠯᠠᠵᠤ ᠪᠠᠶᠢᠨ᠎ᠠ︾᠃ ᠭᠡᠵᠦ ᠬᠢᠩᠭᠠᠨ ᠤ ᠭᠡᠷ ᠤᠨ ᠶᠠᠪᠤᠳᠠᠯ ᠤᠨ ᠨᠢᠯᠬ᠎ᠠ ᠬᠡᠦᠬᠡᠳ ᠢ ᠬᠥᠮᠦᠵᠢᠭᠦᠯᠬᠦ ᠪᠣᠯᠪᠠᠰᠤᠷᠠᠯ ᠤᠨ ᠪᠠᠭᠰᠢ ᠱᠤᠤ ᠴᠧᠨ ᠬᠡᠯᠡᠪᠡ᠃    ᠣᠳᠣᠬᠠᠨ ᠳᠤ᠂ ᠬᠢᠩᠭᠠᠨ ᠬᠤᠲᠠ ᠶᠢᠨ ᠬᠡᠷ ᠠᠬᠤᠶ ᠶᠢᠨ ᠠᠵᠢᠯ ᠨᠢ ᠶᠠᠭ ᠡᠯ᠎ᠡ ᠭᠠᠴᠠᠭ᠎ᠠ ᠲᠣᠰᠬᠤᠨ ᠳᠤ ︽ᠪᠣᠯᠪᠠᠰᠤᠷᠠᠭᠤᠯᠤᠯ ᠪᠠ ᠠᠵᠢᠯ ᠣᠯᠭᠤᠯᠲᠠ ᠶᠢᠨ ᠬᠥᠳᠡᠯᠮᠦᠷᠢ ᠬᠦᠴᠦᠨ ᠤ ᠭᠠᠷᠭᠠᠯᠲᠠ ᠶᠢᠨ  ᠦᠢᠯᠡᠴᠢᠯᠡᠭᠡᠨ ᠤ ᠥᠷᠲᠡᠭᠡ︾ ᠪᠠᠶᠢᠭᠤᠯᠵᠤ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠨᠡᠶᠢᠳᠡᠮ ᠬᠢᠬᠦ ᠶᠢ ᠪᠡᠶᠡᠯᠡᠭᠦᠯᠵᠦ᠂ ᠨᠠᠩ ᠣᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠬᠡᠷ ᠠᠬᠤᠶ ᠶᠢᠨ ᠠᠵᠢᠯ ᠲᠥᠷᠥᠯ ᠢᠶᠠᠷ ᠳᠠᠮᠵᠢᠭᠤᠯᠤᠨ ᠠᠵᠢᠯ ᠣᠯᠵᠤ ᠵᠣᠭᠤᠰ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠨ᠎ᠠ᠃  ︽ᠣᠳᠣᠬᠠᠨ ᠳᠤ ᠪᠢᠳᠡ ᠨᠢᠭᠡᠨᠲᠡ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠠᠴᠠᠭ᠎ᠠ ᠲᠣᠰᠬᠤᠨ ᠳᠤ ᠤᠷᠢᠳᠠᠪᠠᠷ ᠲᠤᠷᠰᠢᠯᠲᠠ ᠬᠢᠵᠦ᠂ 3000 ᠭᠠᠷᠤᠶ ᠰᠤᠷᠤᠭᠴᠢ ᠶᠢ ᠪᠣᠯᠪᠠᠰᠤᠷᠠᠭᠤᠯᠵᠤ᠂ 1600 ᠭᠠᠷᠤᠶ ᠬᠥᠮᠦᠨ ᠳᠤ ᠠᠵᠢᠯ ᠣᠯᠭᠤᠵᠤ᠂ 2024 ᠣᠨ ᠤ ᠡᠴᠦᠰ ᠲᠤ ᠪᠦᠬᠦ ᠠᠶᠢᠮᠠᠭ ᠤᠨ 840 ᠭᠠᠴᠠᠭ᠎ᠠ ᠲᠣᠰᠬᠤᠨ ᠳᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ︾ ᠭᠡᠵᠦ ᠯᠢ ᠳ᠋ᠦᠩ ᠮᠧᠢ ᠬᠡᠯᠡᠪᠡ᠃    ᠨᠢᠭᠡ ᠲᠦᠷᠦᠯ ᠲᠡᠮᠳᠡᠭ ᠢ ᠪᠤᠢ ᠪᠣᠯᠭᠠᠵᠤ᠂ ᠨᠢᠭᠡ ᠬᠡᠰᠡᠭ ᠠᠵᠢᠯ ᠣᠯᠭᠤᠯᠲᠠ ᠶᠢ ᠲᠠᠶᠢᠴᠢᠯᠠᠵᠤ᠂ ᠨᠢᠭᠡ ᠭᠠᠵᠠᠷ ᠤᠨ ᠠᠷᠠᠳ ᠢᠷᠭᠡᠳ ᠢ ᠪᠠᠶᠠᠵᠢᠭᠤᠯᠵᠤ᠂ ᠨᠢᠭᠡ ᠣᠷᠣᠨ ᠪᠦᠰᠡ ᠶᠢᠨ ᠠᠵᠤ ᠠᠬᠤᠢ ᠶᠢ ᠬᠦᠴᠦᠷᠬᠡᠭᠵᠢᠭᠦᠯᠦᠨ᠎ᠡ᠃ ᠤᠢᠢᠷ᠎ᠠ ᠶᠢᠨ ᠵᠢᠯ ᠠᠴᠠ᠂ ᠬᠢᠩᠭᠠᠨ ᠠᠶᠢᠮᠠᠭ ᠤᠨ ᠬᠢᠨ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠪᠤᠶᠢᠵᠢᠭᠤᠯᠬᠤ᠂ ᠪᠦᠳᠦᠭᠡᠨ ᠪᠠᠶᠢᠭᠤᠯᠬᠤ ᠪᠠ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠦᠷᠦ ᠶᠢᠨ ᠪᠤᠳᠤᠯᠭ᠎ᠠ ᠪᠠ ᠵᠠᠬ᠎ᠠ ᠳᠡᠯᠭᠡᠭᠦᠷ ᠤᠨ ᠬᠠᠮᠲᠤᠷᠠᠯ ᠤᠨ ᠬᠦᠴᠦᠨ ᠤ ᠠᠬᠢᠭᠤᠯᠤᠯ ᠳᠣᠣᠷ᠎ᠠ᠂ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠨᠢ ᠤᠯᠠᠨ ᠲᠦᠮᠡᠨ ᠤ ᠠᠵᠢᠯ ᠣᠯᠭᠤᠯᠲᠠ ᠶᠢᠨ ᠨᠡᠷᠡᠰ ᠤᠨ ᠬᠠᠭᠤᠳᠠᠰᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠷᠳᠡᠨᠢ ᠶᠢᠨ ᠰᠠᠪᠠ ᠪᠣᠯᠤᠭᠰᠠᠨ ᠪᠠᠶᠢᠨ᠎ᠠ᠃    ᠡᠨᠡ ᠵᠢᠯ᠂ ᠬᠢᠩᠭᠠᠨ ᠠᠶᠢᠮᠠᠭ ᠤᠨ ᠬᠢᠨ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠡᠭᠦᠳᠬᠦ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠶ ᠥᠷᠨᠢᠭᠦᠯᠵᠦ᠂ ᠬᠤᠰᠢᠭᠤ ᠰᠢᠶᠠᠨ ᠤ ᠱᠠᠲᠤᠨ ᠤ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ 11᠂ ᠠᠶᠢᠮᠠᠭ ᠤᠨ ᠱᠠᠲᠤᠨ ᠤ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ 7᠂ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ 3᠂ ᠤᠯᠤᠰ ᠤᠨ ᠲᠠᠰ ᠲᠤ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ 1 ᠲᠠᠨᠢᠯᠴᠠᠭᠤᠯᠬᠤ ᠪᠠᠷ ᠲᠥᠯᠥᠪᠯᠡᠵᠦ ᠪᠣᠶ︾ ᠭᠡᠵᠡᠶ᠃ ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠵᠢᠨ‌ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠪᠠᠶ ᠰᠢᠶᠠᠩ  ᠸᠧᠨ ᠲᠠᠨᠢᠯᠴᠠᠭᠤᠯᠬᠤ ᠳᠠᠭᠠᠨ᠂ ᠬᠢᠩᠭᠠᠨ ᠠᠶᠢᠮᠠᠭ ᠤᠨ ᠬᠢᠨ ᠣᠲᠣ ᠶᠠᠭ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠮᠡᠷᠭᠡᠵᠢᠯ ᠴᠢᠳᠠᠪᠤᠷᠢ ᠶᠢᠨ ᠠᠭᠤᠯᠤᠭᠳᠠᠴᠠ ᠶᠢ ᠶᠡᠭᠡ ᠪᠠᠷ ᠳᠡᠭᠡᠭᠰᠢᠯᠡᠭᠦᠯᠬᠦ ᠪᠠᠷ ᠳᠠᠮᠵᠢᠭᠤᠯᠤᠨ᠂ ᠬᠠᠨᠳᠤᠯᠭᠠᠲᠤ ᠴᠢᠨᠠᠷᠲᠠᠶ ᠪᠠᠷ ᠪᠣᠯᠪᠠᠰᠤᠷᠠᠭᠤᠯᠤᠯ ᠢ ᠰᠠᠶᠢᠲᠤᠷ ᠠᠳᠬᠤᠵᠤ᠂ ᠬᠥᠳᠡᠯᠮᠦᠷᠢᠴᠢᠳ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠬᠢᠩᠭᠠᠨ ᠠᠶᠢᠮᠠᠭ ᠤᠨ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠦᠨᠡᠨ ᠬᠦ ᠨᠡᠷ᠎ᠡ ᠠᠯᠳᠠᠷᠰᠢᠭᠤᠯᠤᠨ᠎ᠠ ᠭᠡᠵᠡᠶ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号