ᠤᠯᠠᠭᠠᠨᠬᠤᠲᠠ ︽ᠬᠠᠤᠯᠢᠵᠢᠯ ᠤᠨ ᠥᠪᠥᠷ ᠮᠣᠩᠭᠤᠯ ᠢ ᠴᠤᠭᠴᠠᠯᠠᠬᠤ ᠤᠮᠠᠷᠠᠲᠤ ᠬᠢᠯᠢ ᠶᠢᠨ ᠡᠮᠡᠭᠲᠡᠶᠢᠴᠦᠳ ᠤᠨ ᠠᠵᠢᠯᠯᠠᠭ᠎ᠠ︾ ᠭᠤᠷᠪᠠᠨ ᠰᠠᠷ᠎ᠠ ᠶᠢᠨ ᠨᠠᠢᠮᠠᠨ ᠤ ᠡᠷᠬᠡ ᠪᠠᠨ ᠬᠠᠮᠠᠭᠠᠯᠠᠬᠤ ᠭᠠᠷᠠᠭ ᠤᠨ ᠡᠬᠢᠯᠡᠯᠲᠡ ᠶᠢᠨ ᠶᠣᠰᠣᠯᠠᠯ ᠵᠢᠴᠢ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2023/3/10
    3 ᠰᠠᠷ᠎ᠠ ᠶᠢᠨ 6 ᠤ ᠡᠳᠦᠷ᠂ ᠤᠯᠠᠭᠠᠨᠬᠤᠲᠠ ︽ᠬᠠᠤᠯᠢᠵᠢᠯ ᠤᠨ ᠥᠪᠥᠷ ᠮᠣᠩᠭᠤᠯ ᠢ ᠴᠤᠭᠴᠠᠯᠠᠬᠤ ᠤᠮᠠᠷᠠᠲᠤ ᠬᠢᠯᠢ ᠶᠢᠨ ᠡᠮᠡᠭᠲᠡᠶᠢᠴᠦᠳ ᠤᠨ ᠠᠵᠢᠯᠯᠠᠭ᠎ᠠ︾ ᠭᠤᠷᠪᠠᠨ ᠰᠠᠷ᠎ᠠ ᠶᠢᠨ ᠨᠠᠢᠮᠠᠨ ᠤ ᠡᠷᠬᠡ ᠪᠠᠨ ᠬᠠᠮᠠᠭᠠᠯᠠᠬᠤ ᠭᠠᠷᠠᠭ ᠤᠨ ᠡᠬᠢᠯᠡᠯᠲᠡ ᠶᠢᠨ ᠶᠣᠰᠣᠯᠠᠯ ᠵᠢᠴᠢ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠡᠷᠭᠢᠯᠡᠪᠡ᠃    ᠬᠢᠩᠭᠠᠨ ᠠᠶᠢᠮᠠᠭ ᠤᠨ ᠠᠵᠢᠯᠴᠢᠨ ᠤ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠵᠢᠢ ᠴᠢᠩ ᠯᠦ᠂ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠣᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠢᠦᠢ ᠷᠦᠩ ᠬᠤᠸᠠ᠂ ᠬᠤᠲᠠ ᠶᠢᠨ ᠤᠳᠤᠷᠢᠳᠤᠯᠭ᠎ᠠ ᠸᠠᠩ ᠮᠢᠩ ᠶᠠᠩ᠂ ᠯᠥᠸᠧ ᠶᠠᠨ ᠬᠤᠩ᠂ ᠯᠢᠦ ᠬᠤᠩ ᠪᠥᠸᠧ᠂ ᠸᠠᠩ ᠴᠢᠦ ᠵᠢᠴᠢ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠺᠠᠳ᠋ᠷ᠂ ᠡᠯ᠎ᠡ ᠬᠡᠷᠡᠭ ᠡᠷᠬᠢᠯᠡᠬᠦ ᠭᠠᠵᠠᠷ ᠤᠨ ᠡᠮᠡᠭᠲᠡᠢ ᠰᠠᠶᠢᠨ ᠳᠤᠷ᠎ᠠ ᠶᠢᠨ ᠦᠢᠯᠡᠴᠢᠯᠡᠭᠴᠢ᠂ ᠣᠯᠠᠨ ᠲᠦᠮᠡᠨ ᠤ ᠲᠥᠯᠥᠭᠡᠯᠡᠭᠴᠢ ᠶᠣᠰᠣᠯᠠᠯ ᠳᠤ ᠣᠷᠣᠯᠴᠠᠵᠠᠢ᠃ ᠶᠣᠰᠣᠯᠠᠯ ᠳᠡᠭᠡᠷ᠎ᠡ᠂ ᠸᠠᠩ ᠮᠢᠩ ᠶᠠᠩ ᠠᠵᠢᠯᠯᠠᠭ᠎ᠠ ᠳᠤ ᠪᠠᠶᠠᠷ ᠤᠨ ᠦᠭᠡ ᠬᠡᠯᠡᠪᠡ᠃ ᠬᠠᠮᠢᠶ᠎ᠠ ᠪᠦᠬᠦᠢ ᠤᠳᠤᠷᠢᠳᠤᠯᠭ᠎ᠠ ᠠᠴᠠ ᠲᠣᠰ ᠲᠣᠰ ᠰᠢᠨ᠎ᠡ ᠪᠠᠷ ᠪᠠᠶᠢᠭᠤᠯᠤᠭᠳᠠᠭᠰᠠᠨ 15 ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠥᠷᠲᠡᠭᠡ ᠪᠠ 15 ︽ᠠᠮᠤᠷ ᠠᠮᠤᠭᠤᠯᠠᠩ ᠡᠵᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠫᠠᠶᠢᠰᠠ ᠶᠢ ᠰᠡᠭᠦᠨ ᠲᠤᠭ ᠣᠯᠭᠤᠵᠠᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠬᠠᠤᠯᠢ ᠴᠠᠭᠠᠵᠠ ᠶᠢᠨ ᠤᠬᠠᠭᠤᠯᠭ᠎ᠠ ᠶᠢᠨ ᠲᠠᠪᠴᠠᠩ ᠪᠠ ᠤᠬᠠᠭᠤᠯᠭ᠎ᠠ ᠶᠢᠨ ᠪᠤᠯᠤᠩ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ︽ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠥᠷᠨᠢᠭᠦᠯᠦᠭᠰᠡᠨ ᠪᠥᠭᠡᠳ ᠡᠮᠡᠭᠲᠡᠶᠢᠴᠦᠳ ᠤᠨ ᠣᠷᠤᠭ ᠭᠡᠷ ᠪᠦᠯᠢ᠂ ᠭᠡᠷ ᠪᠦᠯᠢ ᠶᠢᠨ ᠬᠦᠴᠦᠷᠬᠡᠭᠯᠡᠯ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠬᠠᠷᠢᠭᠤᠯᠲᠠ ᠥᠭᠭᠦᠭᠰᠡᠨ ᠪᠠᠶᠢᠨ᠎ᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠤᠯᠠᠭᠠᠨᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠤᠯᠠᠭᠠᠨᠬᠤᠲᠠ ᠶᠢᠨ ᠡᠮᠡᠭᠲᠡᠶᠢᠴᠦᠳ ᠤᠨ ᠬᠤᠯᠪᠣᠭ᠎ᠠ᠂ ᠤᠯᠠᠭᠠᠨᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠡᠮᠡᠭᠲᠡᠶᠢᠴᠦᠳ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠪᠠ ᠡᠷᠬᠡ ᠪᠠᠨ ᠬᠠᠮᠠᠭᠠᠯᠠᠬᠤ ᠦᠢᠯᠡᠴᠢᠯᠡᠭᠡ ᠶᠢ ᠭᠦᠨᠵᠡᠭᠡᠶᠢᠷᠡᠭᠦᠯᠦᠨ᠂ ᠡᠮᠡᠭᠲᠡᠶᠢᠴᠦᠳ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠬᠤᠲᠠ ᠶᠢᠨ ᠡᠮᠡᠭᠲᠡᠶᠢᠴᠦᠳ ᠤᠨ ᠡᠷᠬᠡ ᠠᠰᠢᠭ ᠢ ᠬᠦᠨᠳᠦᠳᠬᠡᠬᠦ ᠪᠠ ᠪᠠᠲᠤᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠪᠠᠷ ᠵᠣᠷᠢᠯᠭ᠎ᠠ ᠪᠣᠯᠭᠠᠭᠰᠠᠨ ᠪᠠᠶᠢᠨ᠎ᠠ᠃    ᠤᠯᠠᠭᠠᠨᠬᠤᠲᠠ ᠶᠢᠨ ᠡᠮᠡᠭᠲᠡᠶᠢᠴᠦᠳ ᠤᠨ ᠬᠤᠯᠪᠣᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠥᠸᠧ ᠸᠧᠨ ᠵᠢᠶᠧ ᠠᠴᠠ᠂ ᠲᠠᠷᠠᠭᠠᠴᠢ ᠶᠢᠨ ᠠᠯᠬᠤᠮ ᠳᠤ᠂ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠡᠷᠬᠡ ᠪᠠᠨ ᠬᠠᠮᠠᠭᠠᠯᠠᠬᠤ ᠵᠢᠭᠰᠠᠭᠠᠯ ᠤᠨ ᠭᠠᠵᠠᠷ ᠢᠶᠠᠨ ᠲᠡᠭᠦᠯᠳᠡᠷᠵᠢᠭᠦᠯᠬᠦ ᠪᠠᠷ ᠳᠠᠮᠵᠢᠨ ᠣᠯᠠᠨ ᠶᠠᠩᠵᠤ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯᠯᠠᠭ᠎ᠠ ᠥᠷᠨᠢᠭᠦᠯᠵᠦ᠂ ᠪᠥᠬᠦ ᠬᠤᠲᠠ ᠶᠢᠨ ᠡᠮᠡᠭᠲᠡᠶᠢᠴᠦᠳ ᠬᠡᠦᠬᠡᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠦᠨ᠎ᠡ ᠭᠡᠵᠡᠢ᠃        
 
ᠢᠷᠡᠯᠲᠡ᠄ ᠤᠯᠠᠭᠠᠨᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号