ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠵᠦᠪᠯᠡᠯ ᠪᠠᠶᠢᠴᠠᠭᠠᠨ ᠰᠤᠳᠤᠯᠬᠤ ᠳᠤᠭᠤᠶᠢᠯᠠᠩ  ᠢ ᠵᠣᠬᠢᠶᠠᠨ ᠪᠠᠶᠢᠭᠤᠯᠵᠤ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/10
    3 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 5 ᠤ ᠡᠳᠦᠷ ᠪᠣᠯᠲᠠᠯ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠦᠸᠧ ᠪᠣᠯᠤᠨ ᠳᠡᠳ᠋ ᠡᠷᠬᠢᠯᠡᠭᠴᠢ ᠲᠦᠩ ᠪᠦᠷᠢᠨ᠂ ᠯᠢ ᠰᠢᠶᠤᠤ ᠭᠤᠸᠠᠩ᠂ ᠭᠦᠸᠧ ᠲᠠᠩ ᠲᠣᠰ ᠲᠣᠰ ᠪᠦᠯᠬᠦᠮ ᠳᠠᠭᠠᠭᠤᠯᠤᠨ ᠪᠡᠭᠡᠵᠢᠩ ᠬᠤᠲᠠ ᠶᠢᠨ ᠵᠡᠭᠦᠨ ᠪᠠᠷᠠᠭᠤᠨ ᠬᠡᠰᠡᠭ ᠲᠤ ᠬᠦᠷᠴᠦ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠬᠠᠮᠵᠢᠯᠴᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠠᠪᠠᠭᠤᠯᠢᠭ ᠢ ᠪᠠᠳᠠᠷᠠᠭᠤᠯᠵᠤ᠂ ᠠᠵᠤ ᠠᠬᠤᠶᠢᠯᠠᠯ ᠤᠨ ᠡᠲᠡᠭᠡᠳ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠶᠠᠷᠢᠯᠴᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠪᠡ᠃    ᠰᠢᠤᠢ ᠵᠦᠸᠧ ᠨᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠠᠶᠢᠭ᠎ᠠ ᠠᠵᠤ ᠠᠬᠤᠶᠢᠯᠠᠯ ᠤᠨ ᠠᠩᠬᠠᠳᠠᠭᠴᠢ ᠨᠦᠩ ᠼᠦᠢ ᠬᠤ᠋ ᠤᠶᠤᠨᠲᠤ ᠲᠠᠷᠢᠶᠠᠯᠠᠩ ᠤᠨ ᠰᠢᠨ᠎ᠡ ᠶᠢ ᠡᠭᠦᠳᠬᠦ ᠦᠢᠯᠡᠳᠬᠡᠯ ᠤᠨ ᠲᠠᠯᠠᠪᠠᠢ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠬᠢᠩᠭᠠᠨ ᠠᠶᠢᠮᠠᠭ ᠤᠨ ᠬᠥᠭᠵᠢᠯᠲᠡ ᠶᠢᠨ ᠪᠡᠯᠡ ᠣᠷᠣᠭᠤᠯᠤᠯᠲᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠲᠠᠨᠢᠯᠴᠠᠭᠤᠯᠵᠤ᠂ ᠠᠵᠤ ᠠᠬᠤᠶᠢᠯᠠᠯᠲᠠᠨ ᠢ ᠤᠷᠢᠵᠤ ᠬᠢᠩᠭᠠᠨ ᠠᠶᠢᠮᠠᠭ ᠲᠤ ᠣᠴᠢᠭᠤᠯᠵᠤ᠂ ᠪᠡᠯᠡ ᠣᠷᠣᠭᠤᠯᠵᠤ ᠦᠢᠯᠡᠰ ᠪᠤᠰᠬᠠᠬᠤ ᠬᠤᠳᠠᠯᠳᠤᠭᠠᠨ ᠤ ᠠᠵᠠ ᠲᠣᠬᠢᠶᠠᠯ ᠢ ᠡᠷᠢᠯᠬᠢᠯᠡᠪᠡ᠃ ᠲᠦᠩ  ᠪᠦᠷᠢᠨ ᠨᠡᠷ ᠾᠧᠪᠸᠢ ᠶᠢᠨ ᠯᠠᠩᠹᠠᠩ ᠤᠨ ᠰᠢᠶᠠᠩ ᠳ᠋ᠠ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ  ᠬᠦᠩᠭᠡᠨ ᠴᠢᠯᠠᠭᠤᠯᠢᠭ ᠤᠨ ᠢᠯᠴᠢ ᠬᠥᠨᠳᠡᠶᠢᠷᠡᠭᠦᠯᠬᠦ ᠮᠠᠲ᠋ᠧᠷᠢᠶᠠᠯ ᠢ ᠡᠳ᠋ᠰᠢᠭᠦᠯᠦᠨ ᠦᠢᠯᠡᠳᠪᠦᠷᠢᠯᠡᠵᠦ ᠪᠠᠶᠢᠭ᠎ᠠ ᠪᠠ ᠪᠣᠷᠣᠯᠠᠭᠤᠯᠵᠤ ᠪᠠᠶᠢᠭ᠎ᠠ ᠪᠠᠶᠢᠳᠠᠯ ᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠪᠦᠯᠬᠦᠮ ᠳᠤ ᠬᠢᠩᠭᠠᠨ ᠠᠶᠢᠮᠠᠭ ᠤᠨ ᠰᠢᠯᠢᠳᠡᠭ ᠡᠬᠢ ᠪᠠᠶᠠᠯᠢᠭ ᠢ ᠲᠠᠨᠢᠯᠴᠠᠭᠤᠯᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠲᠦᠷᠦᠯ ᠵᠦᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠨ ᠶᠠᠷᠢᠯᠴᠠᠪᠠ᠃ ᠯᠢ ᠰᠢᠶᠤᠤ ᠭᠤᠸᠠᠩ ᠨᠠᠷ ᠹᠧᠩᠲ᠋ᠠᠢ ᠲᠣᠭᠤᠷᠢᠭ ᠤᠨ ᠪᠡᠭᠡᠵᠢᠩ ᠤᠨ ᠰᠢᠨ ᠹᠠ ᠭᠠᠵᠠᠷ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠰᠢᠨᠵᠢᠯᠡᠨ ᠪᠠᠶᠢᠴᠠᠭᠠᠵᠤ᠂ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠲᠠᠢ ᠬᠢᠩᠭᠠᠨ ᠠᠶᠢᠮᠠᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠵᠤ ᠰᠠᠭᠤᠬᠤ ᠪᠠ ᠪᠣᠷᠣᠯᠠᠭᠤᠯᠬᠤ ᠲᠤᠬᠠᠢ ᠵᠥᠪᠳᠡᠯᠴᠡᠪᠡ᠃ ᠭᠦᠸᠧ ᠲᠠᠩ ᠨᠠᠷ ᠹᠠᠩᠱᠠᠨ ᠲᠣᠭᠤᠷᠢᠭ ᠤᠨ ᠳ᠋ᠧᠦ ᠳ᠋ᠢᠶᠠᠨ ᠪᠠᠯᠭᠠᠰᠤᠨ ᠤ ᠵᠦᠩ ᠭᠤᠸᠠᠨ ᠼᠦᠨ ᠤ ᠹᠠᠩᠱᠠᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠰᠢᠨ ᠶᠤᠸᠠᠨ ᠤᠶᠤᠨ ᠤ ᠨᠥᠭᠡᠴᠡᠯᠡᠯᠲᠡ ᠶᠢᠨ ᠡᠨᠧᠷᠭᠢ ᠶᠢᠨ ᠢᠨᠵᠧᠨᠧᠷᠢᠩ ᠤᠨ ᠮᠡᠷᠭᠡᠵᠢᠯ ︵ᠪᠡᠭᠡᠵᠢᠩ︶ ᠤᠨ ᠬᠢᠵᠠᠭᠠᠷᠲᠤ ᠺᠣᠮᠫᠠᠨᠢ ᠶᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠵᠥᠪᠳᠡᠯᠴᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号