ᠶᠠᠩ ᠸᠧᠶ ᠳ᠋ᠦᠩ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/3/10
     3 ᠳ᠋ᠤᠭᠠᠷ ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠸᠧᠶ ᠳ᠋ᠦᠩ ᠬᠢᠩᠭᠠᠨ ᠠᠶᠢᠮᠠᠭ ᠲᠤ ᠬᠦᠷᠴᠦ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃    ᠶᠠᠩ ᠸᠧᠶ ᠳ᠋ᠦᠩ ᠤᠷᠢᠳ ᠬᠤᠵᠢᠳ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠪᠠ  ᠰᠦ ᠶᠢᠨ  ᠦᠢᠯᠡᠰ ᠤᠨ ᠠᠵᠤ ᠠᠬᠤᠶᠢᠯᠠᠯ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠡᠰᠡᠭ ᠭᠠᠵᠠᠷ᠂ ᠬᠥᠳᠡᠭᠡ ᠲᠣᠰᠬᠤᠨ ᠤ ᠠᠳᠠᠯ   ᠦᠢᠯᠡᠰ ᠴᠣᠭᠴᠠᠯᠠᠵᠤ ᠨᠡᠪᠴᠢᠭᠦᠯᠬᠦ ᠰᠠᠭᠤᠷᠢᠨ ᠭᠠᠵᠠᠷ ᠲᠤ ᠭᠦᠨᠵᠡᠭᠡᠶᠢᠷᠡᠵᠡᠶ᠃ ᠲᠡᠷᠡ ᠬᠡᠯᠡᠬᠦ ᠳᠡᠭᠡᠨ᠂ ᠰᠦ ᠶᠢᠨ  ᠦᠢᠯᠡᠰ ᠤᠨ ᠠᠵᠤ ᠠᠬᠤᠶᠢᠯᠠᠯ ᠤᠳ ᠵᠢᠷᠤᠮᠵᠢᠭᠰᠠᠨ᠂ ᠲᠣᠭᠲᠠᠪᠤᠷᠢᠲᠠᠶ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠦᠭᠦᠬᠡᠶ ᠮᠠᠲ᠋ᠧᠷᠢᠶᠠᠯ ᠤᠨ ᠦᠵᠦᠭᠦᠷ᠂  ᠦᠢᠯᠡᠳᠪᠦᠷᠢᠯᠡᠯ ᠤᠨ ᠦᠵᠦᠭᠦᠷ᠂  ᠦᠢᠯᠡᠳᠭᠦᠨ ᠤ ᠦᠵᠦᠭᠦᠷ ᠵᠡᠷᠭᠡ ᠡᠯ᠎ᠡ ᠲᠠᠯ᠎ᠠ ᠳᠤ ︽ᠣᠯᠠᠨ ᠲᠠᠯ᠎ᠠ ᠪᠠᠷ ᠠᠰᠢᠭ ᠭᠥᠷᠳᠡᠬᠦ︾ ᠶᠢ ᠪᠡᠶᠡᠯᠡᠭᠦᠯᠵᠦ᠂ ᠰᠦ ᠶᠢᠨ  ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠬᠤ ᠬᠡᠷᠡᠭᠲᠡᠶ ᠭᠡᠵᠡᠶ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠤᠯ  ᠤᠨ ᠠᠵᠢᠯ ᠨᠢ ᠠᠮᠤ ᠪᠤᠳᠠᠭᠠᠨ ‍ᠤ‌ᠦᠢᠯᠡᠳᠪᠦᠷᠢᠯᠡᠯ  ᠳᠤ ᠰᠠᠭᠤᠷᠢᠯᠠᠬᠤ ᠪᠠᠷ ᠪᠠᠷᠠᠬᠤ ᠥᠭᠡᠢ ᠪᠠᠰᠠ ᠵᠠᠬ᠎ᠠ ᠳᠡᠯᠭᠡᠭᠦᠷ  ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠲᠠᠷᠢᠶᠠᠴᠢᠨ ᠮᠠᠯᠴᠢᠳ  ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠠᠷᠭ᠎ᠠ ᠵᠠᠮ  ᠢ ᠨᠢ ᠥᠷᠭᠡᠳᠬᠡᠬᠦ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠭᠠᠵᠠᠷ ᠰᠢᠷᠣᠶ ᠶᠢᠨ ᠨᠡᠮᠡᠭᠳᠡᠯ ᠤᠨ ᠬᠡᠮᠵᠢᠶ᠎ᠡ ᠶᠢ ᠠᠭᠤᠳᠠᠯᠤᠨ᠂ ᠬᠡᠪᠴᠢᠶᠡᠵᠢᠭᠰᠡᠨ ᠡᠵᠡᠩᠨᠡᠯᠲᠡ ᠶᠢ ᠠᠬᠢᠭᠤᠯᠤᠨ᠂ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠳᠤ ᠬᠦᠴᠦ ᠨᠡᠮᠡᠷᠢᠯᠡᠬᠦ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠨᠢ ᠦᠢᠯᠡᠰ ᠪᠤᠰᠬᠠᠬᠤ ᠳᠠᠭᠠᠭᠤᠯᠤᠭᠴᠢ ᠶᠢ ᠪᠤᠶᠢᠵᠢᠭᠤᠯᠵᠤ᠂ ᠠᠷᠠᠳ ᠢ ᠪᠠᠶᠠᠵᠢᠭᠤᠯᠬᠤ ᠰᠢᠨ᠎ᠡ ᠠᠵᠤ ᠦᠢᠯᠡᠰ ᠢ ᠴᠣᠭᠴᠠᠯᠠᠵᠤ᠂ ᠨᠡᠩ ᠤᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠬᠠᠮᠲᠤᠪᠠᠷ ᠪᠠᠶᠠᠵᠢᠭᠤᠯᠬᠤ ᠶᠠᠪᠤᠳᠠᠯ ᠪᠣᠯᠤᠨ᠎ᠠ᠃    ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠶᠠᠩ ᠸᠧᠢ ᠳ᠋ᠦᠩ ᠪᠠᠰᠠ ᠬᠢᠩᠭᠠᠨ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠦᠨᠳᠦᠰᠦᠨ ᠱᠠᠲᠤᠨ ᠤ ᠺᠠᠳ᠋ᠷ ᠤᠨ ᠲᠥᠯᠥᠭᠡᠯᠡᠭᠴᠢᠳ ᠲᠠᠢ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠶᠢᠨ ᠲᠣᠭᠤᠷᠢᠨ ᠳᠤ ᠶᠠᠷᠢᠯᠴᠠᠬᠤ ᠬᠤᠷᠠᠯ ᠬᠢᠵᠡᠢ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号