3 ᠳ᠋ᠤᠭᠠᠷ ᠰᠠᠷ᠎ᠠ ᠶᠢᠨ 3 ᠤ ᠡᠳᠦᠷ ᠠᠴᠠ 7 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠥᠪᠡᠷᠲᠡᠭᠡᠨ ᠵᠠᠰᠠᠬᠤ ᠣᠷᠣᠨ ᠤ ᠠᠶᠤᠯᠭᠦᠶ | ᠦᠢᠯᠡᠳᠪᠦᠷᠢᠯᠡᠯ ᠤᠨ ᠭᠤᠷᠪᠠᠳᠤᠭᠠᠷ ᠰᠢᠪᠠᠳᠠᠨ ᠵᠢᠯᠣᠭᠤᠳᠬᠤ ᠳᠤᠭᠤᠶᠢᠯᠠᠩ ᠢ ᠳᠠᠭᠠᠭᠤᠯᠤᠨ ᠬᠢᠩᠭᠠᠨ ᠠᠶᠢᠮᠠᠭ ᠲᠤ | ᠬᠦᠷᠴᠦ ᠠᠶᠤᠯᠭᠦᠶ ᠦᠢᠯᠡᠳᠪᠦᠷᠢᠯᠡᠯ ᠤᠨ ᠠᠵᠢᠯ ᠢ ᠰᠢᠪᠠᠳᠠᠨ ᠵᠢᠯᠣᠭᠤᠳᠴᠤ ᠪᠠᠶᠢᠴᠠᠭᠠᠪᠠ᠃ ᠰᠢᠪᠠᠳᠠᠨ | ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠳᠠᠷᠤᠭ᠎ᠠ ᠬᠤᠸᠠᠩ ᠶᠠ ᠯᠢ᠂ ᠰᠢᠪᠠᠳᠠᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ | ᠪᠠᠶᠢᠴᠠᠭᠠᠭᠴᠢ ᠵᠣᠣ ᠵᠥᠩ ᠦ᠋ ᠵᠢᠴᠢ ᠪᠠᠷᠢᠯᠭ᠎ᠠ᠂ ᠤᠰᠤᠨ ᠠᠰᠢᠭᠯᠠᠯᠲᠠ᠂ ᠠᠶᠤᠯᠲᠠᠶ ᠬᠢᠮᠢ ᠶᠢᠨ ᠪᠣᠳᠠᠰ ᠵᠡᠷᠭᠡ | ᠣᠷᠣᠨ ᠪᠦᠰᠡ ᠶᠢᠨ ᠲᠤᠰᠬᠠᠶ ᠮᠡᠷᠭᠡᠵᠢᠯᠲᠡᠨ ᠰᠢᠪᠠᠳᠠᠨ ᠵᠢᠯᠣᠭᠤᠳᠴᠤ ᠪᠠᠶᠢᠴᠠᠭᠠᠬᠤ ᠳᠤ ᠣᠷᠣᠯᠴᠠᠵᠠᠶ᠃ | ᠠᠶᠢᠮᠠᠭ ᠤᠨ ᠤᠳᠤᠷᠢᠳᠤᠯᠭ᠎ᠠ ᠵᠢᠶᠠᠩ ᠲᠢᠶᠠᠨ ᠬᠤ᠋᠂ ᠶᠠᠩ ᠵᠢᠶ ᠫᠧᠩ᠂ ᠯᠢᠶᠠᠩ ᠶᠠᠨ ᠵᠢᠶᠦ᠋ᠨ ᠨᠡᠷ ᠪᠠᠷ᠎ᠠ ᠪᠣᠯᠪᠠ᠃ | ᠥᠪᠡᠷᠲᠡᠭᠡᠨ ᠵᠠᠰᠠᠬᠤ ᠣᠷᠣᠨ ᠤ ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠤᠯᠠᠭᠠᠨᠬᠤᠲᠠ᠂ ᠲᠦᠴᠢᠦᠸᠠᠨ | ᠰᠢᠶᠠᠨ ᠵᠡᠷᠭᠡ ᠭᠠᠵᠠᠷ ᠤᠨ 28 ᠠᠵᠤ ᠠᠬᠤᠶᠢᠯᠠᠯ᠂ ᠨᠢᠭᠡᠴᠡ ᠶᠢ ᠲᠠᠰᠢᠷᠠᠮ ᠳᠠᠭᠠᠤ ᠰᠤᠭᠤᠴᠢᠨ ᠪᠠᠶᠢᠴᠠᠭᠠᠪᠠ᠂ | ᠡᠭᠦᠨ ᠳᠤ᠂ ᠠᠶᠢᠮᠠᠭ ᠬᠤᠰᠢᠭᠤ ᠬᠤᠶᠠᠷ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ 13᠂ ᠨᠡᠭᠦᠷᠡᠰᠦᠨ ᠠᠭᠤᠷᠬᠠᠶ 1᠂ ᠠᠶᠤᠯᠲᠠᠶ ᠬᠢᠮᠢ ᠶᠢᠨ ᠡᠳ᠋ ᠤᠨ ᠠᠵᠤ ᠠᠬᠤᠶᠢᠯᠠᠯ 5᠂ ᠠᠵᠤ | ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ 3᠂ ᠠᠳᠠᠯ ᠠᠬᠤᠶ ᠶᠢᠨ ᠺᠣᠮᠫᠠᠨᠢ 2᠂ ᠣᠶ ᠰᠢᠭᠤᠶ ᠶᠢᠨ ᠲᠠᠯᠠᠪᠠᠶ | 1 ᠪᠠ ᠪᠠᠶᠢᠭᠤᠯᠵᠤ ᠪᠠᠶᠢᠭ᠎ᠠ ᠲᠥᠷᠥᠯ ᠵᠦᠢᠯ 3 ᠪᠣᠶ᠃ 3 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ | ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠬᠢᠨᠠᠨ ᠵᠢᠯᠣᠭᠤᠳᠴᠤ | ᠪᠠᠶᠢᠴᠠᠭᠠᠭᠰᠠᠨ ᠬᠠᠷᠢᠭᠤ ᠮᠡᠳᠡᠭᠦᠯᠦᠯᠲᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠢᠩᠭᠠᠨ | ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠭᠤᠷᠪᠠᠳᠤᠭᠠᠷ ᠬᠢᠨᠠᠨ ᠵᠢᠯᠣᠭᠤᠳᠬᠤ | ᠳᠤᠭᠤᠶᠢᠯᠠᠩ ᠤᠨ ᠬᠢᠨᠠᠨ ᠵᠢᠯᠣᠭᠤᠳᠴᠤ ᠪᠠᠶᠢᠴᠠᠭᠠᠭᠰᠠᠨ ᠪᠠᠶᠢᠳᠠᠯ ᠢ ᠮᠡᠳᠡᠭᠳᠡᠪᠡ᠃ | ᠪᠦᠦ ᠰᠢᠶᠠᠨ ᠬᠤᠸᠠ ᠴᠢᠬᠤᠯᠠᠴᠢᠯᠠᠭᠰᠠᠨ ᠨᠢ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠲᠦᠢᠯ ᠤᠨ ᠴᠢᠬᠤᠯᠠ | ᠪᠠᠶᠢᠷᠢᠨ ᠳᠤ ᠲᠠᠯᠪᠢᠵᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ | ᠱᠤᠭᠤᠮ ᠤᠨ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ᠃ ᠨᠠᠮ ᠵᠠᠰᠠᠭ ᠤᠨ ᠤᠳᠤᠷᠢᠳᠤᠯᠭ᠎ᠠ ᠶᠢᠨ | ᠬᠠᠷᠢᠭᠤᠴᠠᠯᠭ᠎ᠠ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ | ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠬᠤᠭᠤᠰᠣᠨ ᠲᠠᠩᠰᠠ ᠪᠠᠶᠢᠬᠤ | ᠦᠭᠡᠢ᠂ ᠬᠢᠨᠠᠯᠲᠠ ᠬᠠᠮᠢᠶᠠᠷᠤᠯᠲᠠ ᠳᠤ ᠪᠠᠯᠠᠢ ᠭᠠᠵᠠᠷ ᠪᠠᠶᠢᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠬᠢᠩᠭᠠᠨ | ᠠᠶᠢᠮᠠᠭ ᠤᠨ ᠪᠣᠳᠠᠲᠠᠢ ᠲᠠᠢ ᠤᠶᠠᠯᠳᠤᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠤ | ᠠᠬᠤᠶᠢᠯᠠᠯ᠂ ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ | ᠲᠤᠰᠬᠠᠢ ᠮᠡᠷᠭᠡᠵᠢᠯᠲᠡᠨ ᠪᠠ ᠲᠤᠰᠬᠠᠢ ᠮᠡᠷᠭᠡᠵᠢᠯ ᠤᠨ ᠲᠥᠬᠦᠭᠡᠷᠦᠮᠵᠢ ᠶᠢᠨ ᠲᠤᠯᠭᠠᠭᠤᠷᠢᠯᠠᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠠᠰᠠᠭᠤᠳᠠᠯ ᠭᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠴᠢᠩᠭ᠎ᠠ ᠠᠳᠬᠤᠬᠤ ᠬᠡᠷᠡᠭᠲᠡᠢ | ᠃ ᠲᠣᠰ ᠤᠳᠠᠭᠠᠨ ᠤ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ | ᠰᠢᠯᠲᠠᠭᠠᠨ ᠢ ᠨᠢ ᠪᠠᠶᠢᠴᠠᠭᠠᠨ ᠳᠣᠲᠣᠯᠠᠵᠤ᠂ ᠦᠨᠳᠦᠰᠦ ᠰᠤᠷᠪᠤᠯᠵᠢ ᠶᠢ ᠨᠢ ᠵᠠᠳᠠᠯᠤᠨ ᠰᠢᠨᠵᠢᠯᠡᠵᠦ᠂ ᠴᠡᠭᠴᠡᠯᠡᠨ | ᠥᠭᠡᠷᠡᠴᠢᠯᠡᠬᠦ ᠲᠥᠰᠦᠯ ᠢ ᠨᠢᠭᠡᠳ ᠨᠢᠭᠡ ᠪᠠᠷ ᠲᠣᠭᠲᠠᠭᠠᠵᠤ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠂ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠵᠦ᠂ ᠪᠥᠬᠦ ᠲᠠᠯ᠎ᠠ ᠪᠠᠷ | ᠴᠡᠭᠴᠡᠯᠡᠨ ᠥᠭᠡᠷᠡᠴᠢᠯᠡᠬᠦ ᠬᠡᠷᠡᠭᠲᠡᠶ ᠭᠡᠪᠡ᠃ | |