3 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠰᠤᠳᠤᠯᠭᠠᠨ ᠤ ᠭᠠᠵᠠᠷ | ᠮᠠᠨ ᠤ ᠠᠶᠢᠮᠠᠭ ᠤᠨ ᠠᠵᠤ ᠠᠬᠤᠶᠢᠯᠠᠯ ᠲᠠᠢ ᠰᠦᠯᠵᠢᠶᠡᠨ ᠳᠡᠭᠡᠷ᠎ᠡ 10 ᠰᠢᠨᠵᠢᠯᠡᠬᠦ ᠤᠬᠠᠭᠠᠨ ᠮᠡᠷᠭᠡᠵᠢᠯ ᠤᠨ | ᠲᠦᠷᠦᠯ ᠵᠦᠢᠯ ᠤᠨ ᠬᠡᠯᠡᠯᠴᠡᠭᠡᠷ ᠲᠤᠭᠲᠠᠪᠠ᠃ ᠬᠤᠶᠠᠷ ᠲᠠᠯ᠎ᠠ ᠪᠠᠷ ᠢᠶᠠᠨ ᠴᠢᠴᠠᠷᠭᠠᠨ᠎ᠠ ᠶᠢᠨ ᠪᠦᠲᠦᠭᠡᠭᠳᠡᠬᠦᠨ᠂ | ᠵᠢᠮᠢᠰ ᠨᠣᠭᠤᠭ᠎ᠠ ᠵᠢᠴᠢ ᠮᠦᠬᠦ ᠶᠢᠨ ᠲᠦᠷᠦᠯ ᠤᠨ ᠪᠦᠲᠦᠭᠡᠭᠳᠡᠬᠦᠨ ᠢ ᠡᠳ᠋ᠰᠢᠭᠦᠯᠬᠦ᠂ ᠢᠳᠡᠭᠡᠨ ᠤ ᠴᠢᠨᠠᠷ ᠢ ᠪᠠᠲᠤᠯᠠᠬᠤ | ᠬᠤᠭᠤᠴᠠᠭ᠎ᠠ ᠶᠢ ᠤᠷᠲᠤᠳᠬᠠᠬᠤ᠂ ᠬᠥᠯᠳᠡᠭᠡᠵᠦ ᠬᠠᠳᠠᠭᠠᠭᠰᠠᠨ ᠭᠦᠵᠡᠯᠵᠡᠭᠡᠨ᠎ᠡ ᠪᠣᠯᠤᠨ ᠢᠳᠡᠰᠢᠨ ᠨᠣᠭᠤᠭ᠎ᠠ ᠶᠢᠨ | ᠤᠷᠢᠳᠴᠢᠯᠠᠨ ᠬᠢᠭᠰᠡᠨ ᠨᠣᠭᠤᠭ᠎ᠠ ᠶᠢᠨ ᠮᠡᠷᠭᠡᠵᠢᠯ᠂ ᠨᠣᠭᠤᠭ᠎ᠠ ᠶᠢᠨ ᠦᠷ᠎ᠡ ᠶᠢᠨ ᠲᠤᠰᠤ ᠶᠢ ᠰᠢᠬᠠᠬᠤ᠂ | ᠬᠡᠦᠬᠡᠯᠳᠡᠢ ᠶᠢᠨ ᠬᠤᠷᠣᠬᠠᠶ ᠡᠪᠡᠰᠦ ᠶᠢ ᠰᠤᠳᠤᠯᠤᠨ ᠨᠡᠭᠡᠭᠡᠬᠦ᠂ ᠴᠠᠭᠠᠨ ᠢᠳᠡᠭᠡᠨ ᠤ ᠰᠢᠨ᠎ᠡ ᠰᠣᠷᠭᠤᠭ ᠢ ᠪᠠᠲᠤᠯᠠᠬᠤ᠂ | ᠲᠠᠬᠢᠶᠠᠨ ᠥᠨᠳᠡᠭᠡ ᠪᠣᠯᠤᠨ ᠲᠠᠬᠢᠶᠠᠨ ᠮᠢᠬ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠢᠨᠵᠢᠯᠡᠬᠦ | ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠥᠷᠨᠢᠭᠦᠯᠦᠨ᠎ᠡ᠃ | 2022 ᠣᠨ ᠳᠤ ᠮᠠᠨ ᠤ ᠠᠶᠢᠮᠠᠭ ᠤᠨ ᠬᠢᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠲᠠᠢ ᠪᠠᠶᠢᠯᠳᠤᠬᠤ | ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠭᠰᠠᠨ ᠠᠴᠠ ᠨᠠᠰᠢ᠂ ᠬᠤᠶᠠᠷ ᠲᠠᠯ᠎ᠠ ᠪᠠᠷ ᠢᠶᠠᠨ ᠲᠤᠰ | ᠲᠤᠰ ᠤᠨ ᠳᠠᠪᠠᠭᠤᠯᠢᠭ ᠤᠨ ᠢᠶᠠᠨ ᠲᠣᠭᠤᠷᠢᠨ ᠳᠤ᠂ ᠨᠡᠶᠢᠯᠡᠯᠲᠡ ᠶᠢᠨ ᠴᠡᠭ ᠢᠶᠠᠨ ᠬᠠᠷᠠᠭᠠᠯᠠᠨ ᠠᠯᠢ ᠤᠯᠠᠨ ᠦᠷ᠎ᠡ | ᠪᠦᠲᠦᠮᠵᠢ ᠲᠠᠢ ᠬᠠᠮᠲᠤᠷᠠᠯᠴᠠᠭ᠎ᠠ ᠥᠷᠨᠢᠭᠦᠯᠵᠡᠢ᠃ ᠬᠤᠶᠠᠳᠤᠭᠠᠷ ᠬᠤᠭᠤᠴᠠᠭᠠᠨ ᠤ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠤᠯᠪᠣᠭ᠎ᠠ ᠶᠢᠨ ᠶᠡᠭᠡ ᠬᠤᠷᠠᠯ ᠵᠢᠴᠢ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠪᠠ ᠡᠬᠢ ᠪᠠᠶᠠᠯᠢᠭ ᠢ | ᠠᠷᠪᠢᠯᠠᠨ ᠭᠠᠮᠨᠠᠵᠤ ᠡᠷᠴᠢᠮᠵᠢᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠬᠤ ᠲᠤᠬᠠᠶ ᠰᠤᠳᠤᠯᠤᠨ ᠶᠠᠷᠢᠯᠴᠠᠬᠤ | ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠠᠨᠢᠯᠴᠠᠭᠤᠯᠵᠤ ᠰᠣᠯᠢᠯᠴᠠᠬᠤ ᠬᠤᠷᠠᠯ ᠢ | ᠬᠠᠮᠲᠤᠷᠠᠨ ᠡᠷᠬᠢᠯᠡᠭᠰᠡᠨ ᠪᠥᠭᠡᠳ ᠵᠢᠮᠢᠰ ᠨᠣᠭᠤᠭ᠎ᠠ ᠶᠢ ᠨᠠᠷᠢᠯᠢᠭ ᠪᠣᠯᠪᠠᠰᠤᠷᠠᠭᠤᠯᠬᠤ᠂ ᠮᠢᠬᠠᠨ ᠤ ᠪᠦᠲᠦᠭᠡᠭᠳᠡᠬᠦᠨ ᠢ | ᠨᠠᠷᠢᠯᠢᠭ ᠪᠣᠯᠪᠠᠰᠤᠷᠠᠭᠤᠯᠬᠤ ᠵᠡᠷᠭᠡ ᠲᠠᠯ᠎ᠠ ᠪᠠᠷ 6 ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠢ ᠬᠠᠮᠲᠤᠷᠠᠨ | ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ 36 ᠵᠦᠢᠯᠡᠰ ᠢ | ᠨᠥᠭᠡᠴᠡᠯᠡᠪᠡ᠃ ᠡᠨᠡ ᠵᠢᠯ ᠤᠨ 2 ᠰᠠᠷ᠎ᠠ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠰᠤᠳᠤᠯᠭᠠᠨ ᠤ ᠭᠠᠵᠠᠷ · | ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠲᠠᠨᠢᠯᠴᠠᠭᠤᠯᠭ᠎ᠠ ᠰᠣᠯᠢᠯᠴᠠᠭᠠᠨ ᠤ | ᠬᠤᠷᠠᠯ ᠮᠠᠨ ᠤ ᠠᠶᠢᠮᠠᠭ ᠲᠤ ᠠᠮᠵᠢᠯᠲᠠ ᠲᠠᠢ ᠶᠠᠪᠤᠭᠳᠠᠪᠠ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠰᠤᠳᠤᠯᠭᠠᠨ ᠤ ᠭᠠᠵᠠᠷ ᠤᠨ 8 | ᠲᠤᠰᠬᠠᠶ ᠮᠡᠷᠭᠡᠵᠢᠯᠲᠡᠨ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ | ᠬᠢᠵᠦ ᠵᠢᠭᠠᠨ ᠵᠢᠯᠣᠭᠤᠳᠴᠤ᠂ ᠮᠠᠨ ᠤ ᠠᠶᠢᠮᠠᠭ ᠤᠨ ᠦᠶ ᠣᠯᠠᠨ ᠠᠵᠤ ᠠᠬᠤᠶᠢᠯᠠᠯ ᠳᠤ ᠮᠡᠷᠭᠡᠵᠢᠯ ᠤᠨ ᠰᠢᠨ᠎ᠡ ᠶᠢ | ᠡᠭᠦᠳᠬᠦ ᠶᠢᠨ ᠴᠢᠬᠤᠯᠠ ᠴᠢᠨᠠᠷ ᠢ ᠤᠯᠠᠮ ᠨᠢᠭᠡ ᠠᠯᠬᠤᠮ ᠲᠠᠨᠢᠭᠤᠯᠵᠤ᠂ ᠴᠠᠭᠠᠨ ᠢᠳᠡᠭᠡ ᠪᠣᠯᠪᠠᠰᠤᠷᠠᠭᠤᠯᠬᠤ᠂ | ᠴᠢᠳᠠᠮᠵᠢ ᠶᠢᠨ ᠴᠢᠨᠠᠷᠲᠠᠶ ᠢᠳᠡᠭᠡᠨ ᠢ ᠰᠤᠳᠤᠯᠤᠨ ᠨᠡᠭᠡᠭᠡᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ ᠲᠠᠯ᠎ᠠ ᠪᠠᠷ ᠲᠤᠰᠬᠠᠶ ᠮᠡᠷᠭᠡᠵᠢᠯᠲᠡᠳ ᠲᠠᠢ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭᠠᠨ ᠤ ᠠᠵᠠ ᠲᠣᠬᠢᠶᠠᠯ ᠢ ᠢᠳᠡᠪᠬᠢᠲᠡᠶ ᠰᠦᠪᠡᠭᠴᠢᠯᠡᠵᠦ᠂ ᠭᠦᠨᠵᠡᠭᠡᠶ ᠰᠣᠯᠢᠯᠴᠠᠭ᠎ᠠ᠂ | ᠨᠡᠪᠲᠡᠷᠡᠯᠴᠡᠭᠡ ᠪᠠ ᠰᠢᠭᠰᠢᠨ ᠰᠣᠩᠭᠤᠯᠲᠠ ᠪᠠᠷ ᠳᠡᠮᠵᠢᠨ᠂ ᠨᠡᠶᠢᠲᠡ 10 ᠲᠥᠷᠥᠯ ᠵᠦᠢᠯ ᠳᠤ ᠬᠠᠮᠲᠤᠷᠠᠯᠴᠠᠭᠠᠨ ᠤ | ᠬᠠᠮᠲᠤ ᠶᠢᠨ ᠲᠠᠨᠢᠯᠲᠠ ᠲᠠᠢ ᠪᠣᠯᠵᠣ ᠠᠮᠵᠢᠯᠲᠠ ᠲᠠᠢ ᠪᠠᠷ ᠭᠡᠷ᠎ᠡ ᠲᠣᠭᠲᠠᠪᠠ᠃ | ︽ᠪᠢᠳᠡ ᠪᠣᠯ ᠤᠯᠠᠮᠵᠢᠯᠠᠯᠲᠤ ᠴᠠᠭᠠᠨ ᠢᠳᠡᠭᠡᠨ ᠤ ᠠᠵᠤ ᠠᠬᠤᠶᠢᠯᠠᠯ ᠮᠥᠨ᠂ ᠡᠨᠡ ᠤᠳᠠᠭ᠎ᠠ ᠳᠤᠮᠳᠠᠳᠤ | ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ | ᠪᠣᠯᠪᠠᠰᠤᠷᠠᠭᠤᠯᠬᠤ ᠰᠤᠳᠤᠯᠭᠠᠨ ᠤ ᠭᠠᠵᠠᠷ ᠤᠨ ᠲᠤᠰᠬᠠᠶ ᠮᠡᠷᠭᠡᠵᠢᠯᠲᠡᠨ ᠲᠠᠢ ᠭᠡᠷ᠎ᠡ ᠲᠣᠭᠲᠠᠭᠰᠠᠨ ᠤ ᠳᠠᠷᠠᠭ᠎ᠠ᠂ | ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠵᠢᠯᠣᠭᠤᠳᠣᠯᠭ᠎ᠠ ᠳᠣᠣᠷ᠎ᠠ᠂ ᠤᠯᠠᠮᠵᠢᠯᠠᠯᠲᠤ ᠮᠣᠩᠭᠤᠯ ᠲᠣᠭᠤᠭ᠎ᠠ ᠴᠠᠶ ᠶᠢᠨ | ᠴᠢᠨᠠᠷ ᠢ ᠪᠠᠲᠤᠯᠠᠬᠤ ᠬᠤᠭᠤᠴᠠᠭ᠎ᠠ ᠶᠢ ᠤᠯᠠᠮ ᠨᠢᠭᠡ ᠠᠯᠬᠤᠮ ᠤᠷᠲᠤᠳᠬᠠᠵᠤ᠂ ᠵᠢᠮᠢᠰ ᠤᠨ ᠠᠮᠲᠠᠲᠠᠶ ᠴᠠᠭᠠᠨ | ᠢᠳᠡᠭᠡᠨ ᠢ ᠬᠠᠮᠲᠤ ᠪᠠᠷ ᠰᠤᠳᠤᠯᠤᠨ ᠨᠡᠭᠡᠭᠡᠵᠦ᠂ ᠮᠠᠨ ᠤ ᠤᠯᠠᠮᠵᠢᠯᠠᠯᠲᠤ ᠴᠠᠭᠠᠨ ᠢᠳᠡᠭᠡᠨ ᠤ ᠪᠣᠷᠣᠯᠠᠭᠤᠯᠭ᠎ᠠ ᠶᠢᠨ | ᠵᠠᠬ᠎ᠠ ᠳᠡᠯᠭᠡᠭᠦᠷ ᠢ ᠨᠡᠭᠡᠭᠡᠬᠦ ᠪᠣᠯᠤᠨ᠎ᠠ︾ ᠭᠡᠵᠦ ᠬᠢᠩᠭᠠᠨ ᠠᠶᠢᠮᠠᠭ ᠤᠨ ᠶᠢᠨ ᠰᠢᠶᠠᠩ ᠰᠦ ᠶᠢᠨ ᠦᠢᠯᠡᠰ ᠤᠨ | ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠴᠢᠯᠠᠭᠤ ᠪᠠᠶᠠᠷᠲᠠᠢ ᠪᠠᠷ ᠬᠡᠯᠡᠪᠡ᠃ |