ᠵᠠᠩ ᠰᠢᠶᠤᠤ ᠪᠢᠩ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠤ ᠰᠤᠷᠪᠤᠯᠵᠢᠯᠠᠭ᠎ᠠ ᠶᠢ ᠬᠦᠯᠢᠶᠡᠪᠡ
ᠨᠡᠶᠢᠲᠡᠯᠡᠭᠰᠡᠨ ᠴᠠᠭ᠄
2023/3/13
    3 ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠨᠠᠮ ‍ᠤᠨ‌ᠬᠤᠷᠢᠶ᠎ᠠ ᠶᠢᠨ ᠱᠦᠵᠢ ᠵᠠᠩ ᠰᠢᠶᠤᠤ ᠪᠢᠩ ᠬᠢᠩᠭᠠᠨ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ ᠶᠢᠨ ᠬᠠᠮᠲᠤᠷᠠᠭᠰᠠᠨ ᠰᠤᠷᠪᠤᠯᠵᠢᠯᠠᠭ᠎ᠠ ᠶᠢ ᠬᠦᠯᠢᠶᠡᠨ ᠠᠪᠬᠤ ᠲᠠᠰᠤᠭ ᠲᠤ ᠵᠢᠵᠢᠭᠦᠷᠯᠡᠵᠦ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠠᠷᠭ᠎ᠠ ᠶᠢ ᠳᠤᠷᠠᠳᠴᠠᠢ᠃ ᠲᠡᠷᠡ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠡᠷ ᠲᠤᠨᠢ ᠬᠦᠷᠭᠡᠬᠦ ᠤᠯᠠᠨ ᠲᠦᠮᠡᠨ ᠤ ᠠᠵᠢᠯ ᠪᠣᠯᠭᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠶᠣᠰᠣ ᠵᠦᠢ ᠬᠠᠤᠯᠢ ᠴᠠᠭᠠᠵᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠤᠯᠠᠨ ᠲᠦᠮᠡᠨ ᠤ ᠱᠠᠭᠠᠷᠳᠠᠵᠤ ᠪᠠᠶᠢᠭ᠎ᠠ ᠵᠠᠭᠠᠯᠳᠤᠯᠭ᠎ᠠ ᠶᠢ ᠰᠠᠶᠢᠲᠤᠷ ᠰᠢᠢᠳᠪᠦᠷᠢᠯᠡᠵᠦ᠂ ᠰᠡᠳᠬᠢᠯ ᠰᠠᠨᠠᠭ᠎ᠠ ᠶᠢ ᠨᠢ ᠲᠠᠶᠢᠳᠬᠤᠷᠠᠭᠤᠯᠬᠤ ᠪᠠ ᠦᠵᠡᠯ ᠰᠠᠨᠠᠭ᠎ᠠ ᠶᠢ ᠨᠢ ᠤᠬᠠᠭᠠᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠤᠨ ᠤᠴᠢᠷ ᠶᠠᠪᠤᠳᠠᠯ ᠢ ᠰᠡᠳᠬᠢᠯ ᠰᠠᠨᠠᠭ᠎ᠠ ᠶᠢ ᠨᠢ ᠬᠠᠮᠲᠤ ᠳᠤᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠪᠡ᠃    
 
ᠢᠷᠡᠯᠲᠡ᠄ ᠬᠢᠩᠭᠠᠨ  ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号