ᠬᠢᠩᠭᠠᠨ ᠠᠶᠢᠮᠠᠭ ᠤᠨ ᠨᠠᠮ ᠤᠨ  ᠬᠤᠷᠢᠶ᠎ᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/13
   3 ᠳ᠋ᠤᠭᠠᠷ ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ  ᠰᠢ ᠶᠢᠨ ᠫᠢᠩ  ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ  ᠴᠢᠩᠭᠠᠳᠬᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠶᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠲᠠᠢ ᠤᠶᠠᠯᠳᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠦᠨᠡᠨ ᠪᠣᠳᠠᠲᠠᠢ ᠬᠥᠭᠵᠢᠯᠲᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭᠲᠡᠢ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠷᠢᠳᠴᠢᠯᠠᠨ ᠲᠥᠯᠥᠪᠵᠢᠭᠦᠯᠦᠨ ᠪᠡᠯᠡᠳᠬᠡᠵᠦ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠦᠵᠡᠯ ᠰᠠᠨᠠᠭ᠎ᠠ ᠰᠠᠮᠠᠭᠤᠷᠠᠬᠤ ᠦᠭᠡᠢ᠂ ᠠᠵᠢᠯ ᠲᠠᠰᠤᠷᠠᠯᠳᠡ ᠦᠭᠡᠢ᠂ ᠡᠷᠴᠢ ᠵᠣᠷᠢᠭ ᠰᠤᠯᠠᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠦ᠂ ᠯᠸᠢ ᠹᠧᠩ  ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠬᠤᠨ ᠢ ᠭᠦᠨᠵᠡᠭᠡᠶ ᠡᠵᠡᠮᠰᠢᠵᠦ᠂ ᠡᠯ᠎ᠡ ᠠᠵᠢᠯ ᠲᠥᠷᠥᠯ ᠳᠤ ᠯᠸᠢ ᠹᠧᠩ  ᠠᠴᠠ ᠰᠤᠷᠤᠯᠴᠠᠬᠤ ᠨᠢᠭᠡ ᠪᠦᠯᠦᠭ ᠲᠡᠷᠢᠭᠦᠨ ᠤ ᠬᠠᠮᠲᠤᠯᠢᠭ ᠪᠠ ᠬᠤᠪᠢ ᠬᠥᠮᠦᠨ ᠢ ᠬᠥᠮᠦᠵᠢᠭᠦᠯᠦᠨ ᠰᠣᠩᠭᠤᠵᠤ᠂ ᠯᠸᠢ ᠹᠧᠩ  ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠲᠤᠯᠠᠭ᠎ᠠ ᠳᠡᠮᠵᠢᠯᠭᠡ ᠶᠢ ᠴᠢᠩᠭᠠᠳᠬᠠᠨ᠂ ᠨᠡᠩ ᠣᠯᠠᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠡᠶᠢᠭᠡᠮ ᠲᠣᠭᠤᠷᠢᠭ ᠤᠨ ᠵᠠᠰᠠᠯᠲᠠ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠣᠷᠣᠯᠴᠠᠬᠤ ᠶᠢ ᠵᠣᠷᠢᠭᠵᠢᠭᠤᠯᠵᠤ᠂ ᠯᠸᠢ ᠹᠧᠩ  ᠠᠴᠠ ᠰᠤᠷᠤᠯᠴᠠᠬᠤ ᠶᠠᠪᠤᠳᠠᠯ ᠢ ᠣᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠳᠤᠮᠳᠠ ᠬᠡᠪ ᠵᠠᠩᠰᠢᠯ ᠪᠣᠯᠭᠠᠬᠤ ᠬᠡᠷᠡᠭᠲᠡᠶ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ  ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠶᠠᠳᠤᠭᠠᠷ᠂ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠦ᠂ ᠬᠢᠩᠭᠠᠨ ᠠᠶᠢᠮᠠᠭ ᠤᠨ ᠠᠵᠢᠯ ᠢ ᠨᠠᠮ ᠪᠣᠯᠤᠨ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ ᠬᠢᠨᠠᠨ ᠠᠵᠢᠭᠯᠠᠬᠤ ᠪᠠ ᠠᠬᠢᠭᠤᠯᠵᠤ᠂ ᠬᠢᠩᠭᠠᠨ ᠠᠶᠢᠮᠠᠭ ᠠᠴᠠ ᠭᠠᠷᠴᠤ ᠬᠢᠩᠭᠠᠨ ᠠᠶᠢᠮᠠᠭ ᠢ ᠬᠠᠷᠠᠵᠤ᠂ ᠨᠡᠬᠡᠬᠡᠯᠳᠡ ᠬᠠᠮᠲᠤᠷᠠᠯᠴᠠᠭ᠎ᠠ ᠶᠢ ᠴᠥᠬᠦᠷᠡᠰᠢ ᠦᠭᠡᠢ ᠭᠦᠨᠵᠡᠭᠡᠶᠢᠷᠡᠭᠦᠯᠵᠦ᠂ ᠪᠦᠬᠦ ᠤᠯᠤᠰ ᠤᠨ ᠲᠤᠮᠤ ᠵᠠᠬ᠎ᠠ ᠳᠡᠯᠭᠡᠭᠦᠷ ᠢ ᠪᠦᠬᠦ ᠲᠠᠯ᠎ᠠ ᠪᠠᠷ ᠬᠤᠯᠪᠣᠵᠤ ᠂ ᠨᠢᠭᠡ ᠣᠷᠣᠨ ᠪᠦᠰᠡ ᠳᠤ ᠦᠩᠭᠡ ᠭᠡᠷᠡᠯ ᠨᠡᠮᠡᠷᠢᠯᠡᠬᠦ ᠶᠢᠨ ᠬᠠᠮᠲᠤ ᠪᠦᠬᠦ ᠲᠠᠯ᠎ᠠ ᠳᠤ ᠦᠩᠭᠡ ᠭᠡᠷᠡᠯ ᠨᠡᠮᠡᠷᠢᠯᠡᠬᠦ ᠶᠢ ᠪᠡᠶᠡᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠰᠤᠳᠤᠯᠭᠠᠨ ᠢ ᠪᠥᠬᠦ ᠲᠠᠯ᠎ᠠ ᠪᠠᠷ ᠴᠢᠩᠭᠠᠳᠬᠠᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ︾ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ᠂ ᠬᠤᠨᠢ ᠡᠪᠡᠰᠦ ᠪᠤᠶᠢᠵᠢᠭᠤᠯᠬᠤ᠂ ᠰᠢᠷ᠎ᠠ ᠪᠤᠷᠴᠠᠭ ᠤᠨ ᠡᠭᠦᠯᠳᠡᠷ ᠪᠤᠶᠢᠵᠢᠭᠤᠯᠬᠤ᠂ ᠤᠰᠤᠨ ᠲᠤᠲᠤᠷᠭ᠎ᠠ ᠶᠢᠨ ᠡᠭᠦᠯᠳᠡᠷ ᠪᠤᠶᠢᠵᠢᠭᠤᠯᠬᠤ᠂ ᠬᠠᠷ᠎ᠠ ᠬᠥᠷᠥᠰᠥ ᠶᠢ ᠬᠠᠮᠠᠭᠠᠯᠠᠬᠤ᠂ ᠠᠮᠢᠳᠤ ᠪᠣᠳᠠᠰ ᠤᠨ ᠮᠠᠰ ᠡᠨᠧᠷᠭᠢ ᠶᠢ ᠠᠰᠢᠭᠯᠠᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠰᠠᠭᠠᠯᠢ ᠶᠢᠨ ᠦᠨᠢᠶ᠎ᠡ ᠠᠯᠠᠰᠢᠨ ᠦᠬᠡᠷ ᠤᠨ ᠡᠭᠦᠯᠳᠡᠷ ᠤᠨ ᠢᠷᠡᠯᠲᠡ ᠶᠢᠨ ᠪᠥᠲᠥᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠨᠠᠷᠢᠯᠢᠭ ᠣᠨᠣᠴᠠᠲᠠᠶ ᠪᠠᠷ ᠬᠦᠴᠦᠯᠡᠵᠦ᠂ ᠨᠢᠭᠡ ᠪᠦᠯᠦᠭ ᠬᠥᠲᠥᠯᠥᠨ ᠳᠠᠭᠠᠭᠤᠯᠬᠤ ᠴᠢᠨᠠᠷᠲᠠᠶ᠂ ᠪᠡᠯᠭᠡ ᠲᠡᠮᠳᠡᠭ ᠤᠨ ᠴᠢᠨᠠᠷᠲᠠᠶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠴᠢᠷᠮᠠᠶᠢᠨ ᠤᠯᠬᠤ ᠬᠡᠷᠡᠭᠲᠡᠶ ᠭᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号