3 ᠰᠠᠷ᠎ᠠ ᠶᠢᠨ 9 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠢᠰᠫᠠᠨᠢ ᠶᠢᠨ ᠤᠯᠤᠰ ᠤᠨ ᠸᠠᠩ | ᠹᠢᠯᠢᠫᠸᠢ ᠵᠢᠷᠭᠤᠳᠤᠭᠠᠷ ᠲᠠᠢ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ | ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠪᠡ᠃ | ᠰᠢ ᠶᠢᠨ ᠫᠢᠩ᠂ ᠳᠤᠮᠳᠠᠳᠤ ᠤᠯᠤᠰ ᠢᠰᠫᠠᠨᠢ ᠯᠤᠭ᠎ᠠ ᠬᠠᠷᠢᠯᠴᠠᠭ᠎ᠠ ᠪᠠᠶᠢᠭᠤᠯᠤᠭᠰᠠᠨ ᠬᠠᠭᠠᠰ ᠵᠠᠭᠤᠨ ᠤ | ᠲᠤᠷᠰᠢ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ | ᠵᠣᠷᠢᠭ ᠰᠠᠨᠠᠭ᠎ᠠ ᠶᠢ ᠪᠠᠷᠢᠮᠲᠠᠯᠠᠵᠤ᠂ ᠨᠥᠬᠦᠷᠯᠡᠯ ᠢᠶᠠᠨ ᠭᠦᠨᠵᠡᠭᠡᠶᠢᠷᠡᠭᠦᠯᠵᠦ᠂ ᠬᠠᠮᠲᠤᠷᠠᠯᠴᠠᠭ᠎ᠠ ᠪᠠᠨ ᠠᠬᠢᠭᠤᠯᠵᠤ᠂ | ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠤᠨ ᠬᠥᠭᠵᠢᠭᠦᠯᠵᠦ᠂ ᠬᠤᠶᠠᠷ | ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠵᠠ ᠵᠢᠷᠭᠠᠯ ᠣᠯᠭᠤᠪᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢ ᠳᠤᠮᠳᠠᠳᠤ ᠢᠰᠫᠠᠨᠢ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠤᠯᠤᠰ ᠤᠨ ᠸᠠᠩ ᠹᠢᠯᠢᠫᠸᠢ ᠵᠢᠷᠭᠤᠳᠤᠭᠠᠷ ᠲᠠᠢ ᠬᠠᠮᠲᠤ ᠪᠠᠷ ᠴᠢᠷᠮᠠᠶᠢᠵᠤ᠂ | ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ | ᠦᠷᠭᠦᠯᠵᠢᠯᠡᠨ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠪᠠᠨ ᠥᠷᠭᠡᠳᠬᠡᠵᠦ᠂ ᠠᠷᠠᠳ ᠤᠨ ᠰᠡᠳᠬᠢᠯ ᠤᠨ ᠳᠣᠲᠣᠨᠣᠰᠤᠭ ᠬᠠᠷᠢᠯᠴᠠᠭ᠎ᠠ ᠶᠢ ᠨᠡᠮᠡᠭᠳᠡᠭᠦᠯᠵᠦ᠂ | ᠳᠤᠮᠳᠠᠳᠤ ᠢᠰᠫᠠᠨᠢ ᠶᠢᠨ ᠨᠥᠭᠦᠷᠰᠡᠭ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠭᠡᠵᠦ | ᠴᠢᠬᠤᠯᠠᠴᠢᠯᠠᠪᠠ᠃ | ᠹᠢᠯᠢᠫᠸᠢ ᠵᠢᠷᠭᠤᠳᠤᠭᠠᠷ᠂ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠲᠤᠷᠰᠢ᠂ ᠢᠰᠫᠠᠨᠢ ᠳᠤᠮᠳᠠᠳᠤ ᠶᠢᠨ | ᠬᠠᠷᠢᠯᠴᠠᠭ᠎ᠠ ᠶᠢᠨ ᠬᠥᠭᠵᠢᠯᠲᠡ ᠲᠣᠭᠲᠠᠭᠤᠨ ᠤᠷᠤᠭᠰᠢᠲᠠᠢ ᠶᠠᠪᠤᠭᠳᠠᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ | ᠦᠷᠭᠦᠯᠵᠢᠯᠡᠨ ᠠᠬᠢᠵᠤ᠂ ᠠᠷᠠᠳ ᠲᠦᠮᠡᠨ ᠤ ᠨᠥᠬᠦᠷᠯᠡᠯ ᠲᠠᠰᠤᠷᠠᠯᠲᠠ ᠦᠭᠡᠢ ᠭᠦᠨᠵᠡᠭᠡᠶᠢᠷᠡᠪᠡ᠃ ᠬᠤᠶᠠᠷ | ᠤᠯᠤᠰ ᠢᠶᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠬᠦ ᠪᠠᠷ ᠠᠵᠠ ᠲᠣᠭᠢᠶᠠᠯ | ᠪᠤᠯᠭᠠᠵᠤ᠂ ᠨᠥᠭᠦᠷᠰᠡᠭ ᠶᠠᠪᠤᠯᠴᠠᠭ᠎ᠠ ᠪᠣᠯᠣᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠪᠦᠭᠦ ᠲᠠᠯ᠎ᠠ ᠪᠠᠷ | ᠥᠷᠭᠡᠳᠬᠡᠵᠦ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ | ᠭᠠᠷ ᠬᠤᠯᠪᠣᠯᠴᠠᠨ ᠠᠷᠭᠠᠴᠠᠭᠠᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃ | |