— ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ | ᠦᠨᠡᠯᠡᠭᠳᠡᠭᠰᠡᠨ ᠤᠯᠠᠭᠠᠨᠬᠤᠳᠠ ᠶᠢ ᠳᠡᠮᠳᠡᠭᠯᠡᠪᠡ | ● ᠰᠤᠷᠪᠤᠯᠵᠢᠯᠠᠭᠴᠢ ᠤᠷᠠᠨᠳᠤᠳᠢ | ᠬᠢᠨᠭ᠍ᠭᠠᠨ ᠠᠶᠢᠮᠠᠬ ᠤᠨ ᠤᠯᠠᠭᠠᠨᠬᠤᠳᠠ ᠪᠠᠭ᠎ᠠ ᠰᠤᠷᠭᠠᠭᠤᠯᠢ ᠶᠢᠨ ᠬᠦᠷᠢᠶᠡᠡ ᠳᠤ ᠠᠨᠠᠷ ᠤᠨ ᠮᠤᠳᠤᠨ ᠤ ᠨᠢᠭᠡᠨ | ᠬᠦᠷᠢᠶᠠᠯᠠᠩ ᠪᠠᠶᠢᠳᠠᠬ᠃ ᠡ᠊ᠨᠡᠬᠦ ᠠᠨᠠᠷ ᠤᠨ ᠬᠦᠷᠢᠶᠡᠯᠡᠩ ᠪᠣᠯ ᠬᠢᠩᠭᠠᠨ ᠠᠶᠢᠮᠠᠭ ᠤᠨ ᠤᠯᠠᠭᠠᠨᠬᠤᠳᠡ ᠪᠠᠭ᠎ᠠ | ᠰᠤᠷᠭᠠᠭᠤᠯᠢ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠪᠣᠯᠤᠨ᠎ᠠ᠂ ᠰᠢᠨ᠎ᠠ | ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠪᠦᠷᠢ᠂ ᠲᠤᠰ ᠰᠤᠷᠭᠠᠭᠤᠯᠢ ᠶᠢᠨ ᠪᠠᠭᠰᠢ ᠨᠠᠷ ᠰᠤᠷᠤᠬᠴᠢᠤᠨ ᠢᠶᠠᠨ | ᠳᠠᠭᠠᠭᠤᠯᠵᠤ ᠡ᠊ᠨᠳᠡ ᠢᠷᠡᠳᠡᠭ᠃ | ︽ᠨᠡᠶᠢᠲᠡ ᠬᠡᠳᠦᠶ ᠰᠠᠭᠤᠷᠢ ᠠᠨᠠᠷ ᠤᠨ ᠮᠣᠳᠣ ᠪᠠᠶᠢᠬᠤ ᠪᠤᠶ︾ ᠭᠡᠵᠤ ᠪᠠᠭᠰᠢ ᠨᠢ ᠰᠤᠷᠤᠬᠴᠢᠤᠨ ᠢᠶᠠᠷ | ᠲᠣᠭᠠᠯᠠᠭᠤᠯᠳᠠᠭ᠃ | ︽56 ᠰᠠᠭᠤᠷᠢ ᠮᠣᠳᠣ︾ ᠭᠡᠵᠦ ᠰᠤᠷᠤᠬᠴᠢᠤᠨ ᠳᠠᠭᠤ ᠨᠢᠭᠡᠲᠡᠶ ᠬᠠᠷᠢᠭᠤᠯᠪᠠ᠃ | ︽ᠡ᠊ᠨᠡ ᠨᠢ ᠮᠠᠨ ᠤ ᠤᠯᠤᠰ ᠤᠨ 56 ᠦᠨᠳᠦᠰᠦᠲᠡᠨ ᠲᠠᠢ ᠪᠠᠶᠢᠬᠤ ᠶᠢ ᠬᠠᠷᠠᠭᠤᠯᠵᠤ ᠪᠠᠶᠢᠨ᠎ᠠ᠂ ᠠᠨᠠᠷ ᠤᠨ | ᠳᠣᠲᠣᠷ᠎ᠠ ᠮᠠᠰᠢ ᠣᠯᠠᠨ ᠦᠷ᠎ᠡ ᠪᠠᠶᠢᠳᠠᠭ᠂ ᠮᠠᠨ ᠤ ᠦᠨᠳᠦᠰᠦᠲᠡᠨ ᠨᠦᠭᠦᠳ ᠶᠠᠭ ᠠᠨᠠᠷ ᠤᠨ ᠦᠷ᠎ᠡ ᠰᠢᠭ ᠨᠢᠭᠲᠠᠷᠠᠨ | ᠪᠦᠯᠬᠦᠮᠳᠡᠵᠤ ᠪᠤᠢ︾ ᠭᠡᠵᠤ ᠪᠠᠭᠰᠢ ᠠᠴᠠ ᠳᠣᠲᠣᠨᠣᠰᠤᠭ ᠢᠶᠠᠷ ᠲᠠᠶᠢᠯᠪᠤᠷᠢᠯᠠᠵᠤ ᠪᠠᠶᠢᠯ᠎ᠠ᠃ | ᠣᠳᠣᠬᠠᠨ ᠳᠤ᠂ ᠬᠢᠩᠭᠠᠨ ᠠᠶᠢᠮᠠᠭ ᠤᠨ ᠤᠯᠠᠭᠠᠨᠬᠤᠳᠡ ᠪᠠᠭ᠎ᠠ ᠰᠤᠷᠭᠠᠭᠤᠯᠢ ᠶᠢᠨ ᠰᠢᠭ ︽ᠠᠨᠠᠷ ᠤᠨ | ᠬᠦᠷᠢᠶᠡᠯᠡᠩ︾ ᠨᠢ ᠨᠢᠭᠡᠨᠲᠡ ᠬᠢᠩᠭᠠᠨ ᠠᠶᠢᠮᠠᠭ ᠤᠨ ᠪᠦᠬᠦ ᠳᠤᠮᠳᠠᠳᠤ ᠪᠠᠭ᠎ᠠ ᠰᠤᠷᠭᠠᠭᠤᠯᠢ ᠶᠢ ᠬᠠᠮᠤᠷᠴᠠᠢ᠃ | ᠤᠯᠠᠭᠠᠨᠬᠤᠲᠠ ᠳᠤ ᠬᠢᠲᠠᠳ᠂ ᠮᠣᠩᠭᠤᠯ᠂ ᠮᠠᠨᠵᠤ᠂ ᠰᠣᠯᠣᠩᠭᠤᠰ ᠵᠡᠷᠭᠡ ᠤᠯᠠᠨ ᠦᠨᠳᠦᠰᠦᠲᠡᠨ ᠤ ᠠᠬ᠎ᠠ | ᠳᠡᠭᠦᠦ ᠨᠡᠷ ᠬᠠᠮᠲᠤ ᠠᠮᠢᠳᠤᠷᠠᠵᠤ ᠪᠠᠶᠢᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠲᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠥ ᠴᠤᠭᠴᠠᠯᠠᠬᠤ ᠪᠠᠷ ᠭᠤᠣᠯ ᠱᠤᠭᠤᠮ ᠪᠣᠯᠭᠠᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠲᠠᠰᠤᠷᠠᠯᠳᠠ ᠦᠭᠡᠢ | ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ | ᠴᠤᠬᠴᠠᠯᠠᠬᠤ ᠶᠢ ᠠᠬᠢᠭᠤᠯᠬᠤ ᠬᠤᠷᠠᠯ ᠵᠡᠷᠭᠡ ᠲᠠᠪᠴᠠᠩ ᠤᠨ ᠠᠴᠢᠶᠠᠯᠠᠪᠤᠷᠢ ᠶᠢ ᠰᠢᠨ᠎ᠡ ᠪᠠᠷ ᠡᠭᠦᠳᠦᠨ ᠪᠠᠶᠢᠭᠤᠯᠵᠤ᠂ | ᠳᠤᠮᠳᠠᠳᠤ ᠶᠢᠨ ᠰᠣᠶᠣᠯ ᠢ ᠤᠯᠠᠨ ᠢᠶᠠᠷ ᠢᠶᠠᠨ ᠰᠤᠷᠤᠯᠴᠠᠬᠤ᠂ ᠦᠨᠳᠦᠰᠦᠲᠡᠨ ᠨᠦᠭᠦᠳ ᠤᠨ ᠤᠯᠠᠨ ᠲᠦᠮᠡᠨ | ᠬᠠᠷᠢᠯᠴᠠᠨ ᠬᠠᠪᠰᠤᠷᠤᠯᠴᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠪᠦᠬᠦ ᠤᠯᠤᠰ ᠤᠨ ︽ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ︾ ᠶᠢᠨ ᠢᠷᠠᠭᠤ ᠠᠯᠳᠠᠷ ᠢ ᠬᠦᠷᠳᠡᠪᠡ᠃ | ᠤᠯᠠᠭᠠᠨᠬᠤᠲᠠ ᠶᠢᠨ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠡᠭᠦᠳᠡᠨ ᠳᠤ᠂ ︽ᠤᠯᠠᠭᠠᠨᠬᠤᠲᠠ ᠶᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠶᠢ ᠠᠬᠢᠭᠤᠯᠬᠤ ᠬᠤᠷᠠᠯ︾ ᠭᠡᠬᠦ | ᠬᠡᠳᠥᠨ ᠲᠤᠮᠤ ᠦᠰᠥᠭ ᠬᠦᠮᠥᠰ ᠤᠨ ᠠᠩᠬᠠᠷᠤᠯ ᠢ ᠳᠠᠳᠠᠳᠠᠭ᠃ | ︽ᠤᠯᠠᠨ ᠢᠶᠠᠷ ᠢᠶᠠᠨ ᠪᠠᠶᠠᠷ ᠳᠤᠷᠠᠰᠬᠠᠯ ᠤᠨ ᠡᠳᠦᠷ ᠢᠶᠠᠨ ᠠᠰᠢᠭᠯᠠᠨ ᠵᠡᠭᠡᠯᠢ ᠳᠤ ᠭᠠᠷᠴᠤ ᠲᠣᠭᠯᠠᠯᠲᠠ | ᠭᠠᠷᠭᠠᠳᠠᠭ᠂ ᠡᠯᠪᠡᠭ ᠪᠠᠶᠠᠯᠢᠭ ᠤᠳᠬ᠎ᠠ ᠤᠷᠠᠯᠢᠭ ᠤᠨ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠲᠦᠭ ᠲᠦᠮᠡᠨ ᠠᠶᠢᠯ ᠡᠷᠦᠬᠡ ᠳᠤ ᠠᠭᠤᠰᠤᠯᠴᠠᠭᠤᠯᠪᠠ︾ ᠭᠡᠵᠦ ᠬᠠᠷᠢᠶ᠎ᠠ | ᠤᠷᠤᠨ ᠤ ᠤᠳᠬ᠎ᠠ ᠤᠷᠠᠯᠢᠭ ᠤᠨ ᠠᠵᠢᠯᠳᠡᠠ ᠯᠢ ᠶᠠᠨ ᠠᠨᠢᠶ᠎ᠠ ᠬᠡᠯᠡᠪᠡ᠃ ᠨᠢᠭᠡᠨᠲᠡ 700 ᠭᠠᠷᠤᠶ ᠤᠳᠠᠭᠠᠨ ᠤ | ᠤᠳᠬ᠎ᠠ ᠤᠷᠠᠯᠢᠭ ᠤᠨ ᠠᠵᠢᠯᠯᠠᠭ᠎ᠠ ᠥᠷᠨᠢᠭᠦᠯᠵᠥ᠂ ᠬᠦᠮᠥᠰ ᠤᠨ ᠤᠶᠤᠨ ᠰᠠᠨᠠᠭᠠᠨ ᠤ ᠭᠡᠷ ᠤᠷᠤᠨ ᠢ | ᠤᠯᠠᠭᠠᠨᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ | ᠴᠤᠬᠴᠠᠯᠠᠬᠤ ᠶᠢ ᠠᠬᠢᠭᠤᠯᠬᠤ ᠬᠤᠷᠠᠯ ᠢᠶᠠᠷ ᠳᠠᠮᠵᠢᠭᠤᠯᠤᠨ᠂ ᠦᠨᠳᠦᠰᠦᠲᠡᠨ ᠤ ᠠᠵᠢᠯ ᠢ ᠦᠨᠳᠦᠰᠦᠨ ᠱᠠᠲᠤᠨ ᠳᠤ | ᠬᠦᠷᠲᠡᠯ᠎ᠡ ᠭᠦᠨᠵᠡᠭᠡᠶᠢᠷᠡᠭᠦᠯᠵᠦ᠂ ᠬᠥᠮᠦᠨ ᠪᠦᠬᠦᠨ ᠪᠦᠯᠬᠦᠮᠳᠡᠯ ᠢ ᠡᠷᠬᠢᠮᠯᠡᠬᠦ᠂ ᠶᠠᠪᠤᠳᠠᠯ ᠪᠣᠯᠭᠠᠨ ᠳᠤ ᠪᠦᠯᠬᠦᠮᠳᠡᠯ ᠢ | ᠡᠷᠬᠢᠮᠯᠡᠬᠦ᠂ ᠭᠠᠵᠠᠷ ᠪᠣᠯᠭᠠᠨ ᠳᠤ ᠪᠦᠯᠬᠦᠮᠳᠡᠯ ᠢ ᠢᠯᠡᠷᠡᠭᠦᠯᠬᠦ ᠰᠢᠯᠢᠳᠡᠭ ᠠᠭᠤᠷ ᠠᠮᠢᠰᠬᠤᠯ ᠢ ᠪᠤᠢ ᠪᠣᠯᠭᠠᠬᠰᠠᠨ ᠢᠶᠠᠷ | ᠪᠠᠷᠠᠬᠤ ᠦᠭᠡᠢ᠂ ᠦᠨᠳᠦᠰᠦᠨ ᠱᠠᠲᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠠᠮᠢ ᠠᠬᠤᠢ ᠶᠢᠨ ᠬᠠᠮᠠᠭᠠᠯᠠᠯᠲᠠ᠂ ᠰᠣᠶᠣᠯ ᠤᠨ ᠤᠯᠠᠮᠵᠢᠯᠠᠯ᠂ ᠨᠡᠶᠢᠭᠡᠮ ᠤᠨ ᠵᠠᠰᠠᠯᠲᠠ ᠵᠡᠷᠭᠡ ᠡᠯ᠎ᠡ | ᠲᠠᠯ᠎ᠠ ᠶᠢᠨ ᠠᠵᠢᠯ ᠳᠤ ᠠᠭᠤᠰᠤᠯᠴᠠᠭᠤᠯᠵᠠᠢ᠃ | ᠣᠶᠢᠷ᠎ᠠ ᠶᠢᠨ ᠵᠢᠯ ᠤᠳ ᠲᠤ᠂ ᠤᠯᠠᠭᠠᠨᠬᠤᠲᠠ ᠶᠢᠨ ᠨᠠᠮ ᠤᠨ ᠬᠤᠷᠢᠶ᠎ᠠ ︽ᠵᠢᠷᠭᠤᠭ᠎ᠠ ᠶᠢ ᠴᠢᠩᠭᠠᠳᠬᠠᠬᠤ︾ ᠪᠠᠷ | ᠭᠠᠷᠳᠠᠴᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ | ᠳᠥᠯᠭᠢᠨ ᠠᠬᠢᠭᠤᠯᠵᠤ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ︾ ᠶᠢᠨ | ᠨᠠᠷᠠᠲᠤ ᠲᠡᠮᠳᠡᠭᠲᠦ ᠶᠢ ᠢᠯᠡ ᠪᠣᠯᠭᠠᠵᠤ᠂ ᠤᠯᠠᠭᠠᠨᠬᠤᠲᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠡ᠂ | ᠨᠡᠶᠢᠭᠡᠮ ᠤᠨ ᠡᠶ᠎ᠡ ᠵᠣᠬᠢᠴᠠᠯ ᠤᠨ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠦᠨ ᠬᠠᠮᠠᠭᠠᠯᠠᠪᠠ᠃ | | ᠦᠨᠳᠦᠰᠦᠲᠡᠨ ᠨᠦᠭᠦᠳ ᠬᠠᠮᠲᠤᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠳᠤᠮᠳᠠᠳᠤ ᠶᠢᠨ | ᠦᠨᠳᠦᠰᠦᠲᠡᠨ ᠤ ᠲᠦᠷᠢ ᠲᠥᠷᠬᠦ ᠶᠢ ᠲᠤᠪᠤᠶᠢᠯᠭᠠᠬᠤ ᠶᠢ ᠪᠠᠷᠢᠮᠲᠠᠯᠠᠨ᠂ ᠦᠨᠳᠦᠰᠦᠲᠡᠨ ᠤ ᠰᠣᠶᠣᠯ ᠤᠨ ᠰᠣᠳᠣᠨ | ᠪᠦᠲᠦᠭᠡᠯ ᠤᠨ ᠢᠨᠵᠧᠨᠧᠷᠢᠩ ᠪᠣᠯᠤᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠢᠳᠡᠪᠬᠢᠲᠡᠶ ᠪᠠᠷ ᠠᠬᠢᠭᠤᠯᠵᠠᠢ | ᠃ | ᠤᠯᠠᠭᠠᠨᠬᠤᠲᠠ ᠶᠢᠨ ᠰᠣᠶᠣᠯ ᠵᠤᠭᠠᠴᠠᠯ ᠪᠡᠶ᠎ᠡ ᠲᠠᠮᠢᠷ ᠤᠨ ᠲᠤᠪᠴᠢᠶ᠎ᠠ ︽ᠤᠯᠠᠭᠠᠨᠬᠤᠲᠠ ᠶᠢᠨ ᠠᠭᠤᠳᠠᠮ | ᠲᠠᠯᠠᠪᠠᠢ ᠶᠢᠨ ᠰᠣᠶᠣᠯ ᠤᠨ ᠨᠠᠶᠢᠷ︾ ᠢ ᠰᠠᠶᠢᠳᠥᠷ ᠡᠷᠬᠢᠯᠡᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ | ᠰᠠᠨᠠᠭᠠᠨ ᠤ ᠭᠡᠷ ᠣᠷᠣᠨ ᠢ ᠪᠠᠶᠢᠭᠤᠯᠵᠠᠢ᠃ ᠤᠯᠠᠭᠠᠨᠬᠤᠲᠠ ᠶᠢᠨ ᠠᠭᠤᠳᠠᠮ ᠲᠠᠯᠠᠪᠠᠢ ᠶᠢᠨ ᠰᠣᠶᠣᠯ ᠤᠨ ᠨᠠᠶᠢᠷ | 2012 ᠣᠨ ᠳᠤ ᠶᠠᠪᠤᠭᠳᠠᠭᠰᠠᠨ ᠠᠴᠠ ᠨᠠᠭᠠᠰᠢ᠂ 892 ᠲᠠᠯᠠᠪᠠᠢ ᠲᠣᠭᠯᠠᠯᠲᠠ ᠭᠠᠷᠭᠠᠵᠤ᠂ 42.6 ᠲᠦᠮᠡᠨ | ᠬᠥᠮᠦᠨ ᠤᠳᠠᠭ᠎ᠠ ᠶᠢᠨ ᠦᠵᠡᠭᠴᠢᠳ ᠬᠦᠯᠢᠶᠡᠨ ᠠᠪᠴᠤ ᠦᠵᠡᠪᠠ᠃ ᠳᠥᠷᠪᠡᠨ ᠤᠲᠠᠰᠤᠲᠤ ᠬᠤᠭᠤᠷ ᠤᠨ ᠬᠦᠭᠵᠢᠮ | ︽ᠲᠦᠮᠡᠨ ᠠᠭᠲᠠ ᠶᠢᠨ ᠲᠦᠪᠡᠷᠭᠡᠨ︾ ᠨᠢ ᠥᠪᠥᠷ ᠮᠣᠩᠭᠤᠯ ᠤᠨ ᠰᠣᠶᠣᠯ ᠤᠷᠠᠯᠢᠭ ᠤᠨ ᠨᠠᠶᠢᠷ ᠤᠨ ᠰᠢᠯᠢᠳᠡᠭ | ᠵᠦᠴᠦᠭᠡ ᠳᠤ ᠰᠣᠩᠭᠤᠭᠳᠠᠵᠤ᠂ ᠤᠷᠢᠳ ᠬᠤᠵᠢᠳ ᠪᠥᠬᠦ ᠣᠷᠣᠨ ᠤ ᠠᠷᠪᠠᠨ ᠬᠤᠶᠠᠷ ᠠᠶᠢᠮᠠᠭ ᠬᠤᠲᠠ ᠪᠠᠷ | ᠲᠣᠭᠤᠷᠢᠨ ᠲᠣᠭᠯᠠᠯᠳᠡ ᠭᠠᠷᠭᠠᠪᠡ᠃ | ᠤᠯᠠᠭᠠᠨᠬᠤᠲᠠ ᠶᠢᠨ ᠦᠨᠳᠥᠰᠥᠳᠡᠨ ᠤ ᠬᠡᠷᠡᠭ ᠡᠷᠬᠢᠯᠡᠬᠦ ᠵᠦᠪᠯᠡᠯ ᠨᠢ ᠦᠨᠳᠦᠰᠦᠲᠡᠨ ᠤ ᠭᠠᠵᠠᠷ ᠣᠷᠣᠨ ᠤ | ᠤᠨᠴᠠᠯᠢᠭᠳᠤ ᠲᠡᠵᠢᠭᠡᠨ ᠦᠷᠡᠵᠢᠭᠦᠯᠬᠦ᠂ ᠢᠳᠡᠰᠢᠨ ᠨᠣᠭᠤᠭ᠎ᠠ ᠳᠠᠷᠢᠬᠤ ᠵᠡᠷᠭᠡ ᠠᠵᠤ ᠦᠢᠯᠡᠰ ᠤᠨ ᠲᠣᠭᠤᠷᠢᠨ ᠳᠤ᠂ | ᠪᠦᠲᠦᠴᠡ ᠶᠢ ᠳᠣᠭᠢᠷᠠᠭᠤᠯᠬᠤ᠂ ᠬᠥᠳᠡᠯᠭᠡᠭᠴᠢ ᠬᠦᠴᠦᠨ ᠢ ᠬᠤᠪᠢᠷᠠᠭᠤᠯᠬᠤ ᠵᠡᠷᠭᠡ ᠲᠠᠯ᠎ᠠ ᠪᠠᠷ ᠰᠢᠪᠲᠤᠯᠤᠯᠲᠠ ᠲᠠᠢ | ᠪᠤᠯᠭᠠᠵᠤ᠂ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠴᠠᠭ᠎ᠠ ︵ᠲᠣᠰᠬᠤᠨ︶ ᠶᠢᠨ ᠬᠠᠮᠲᠤ ᠶᠢᠨ ᠠᠵᠤ | ᠠᠬᠤᠶ ᠶᠢ ᠤᠯᠠᠮ ᠬᠦᠭᠵᠢᠬᠦᠯᠪᠡ᠃ | ᠤᠯᠠᠭᠠᠨᠬᠤᠲᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠦᠷ᠎ᠡ ᠪᠦᠲᠦᠭᠡᠯ ᠢ | ᠪᠠᠬᠢᠵᠢᠭᠦᠯᠬᠦ ᠪᠠᠷ ᠬᠦᠴᠥᠯᠡᠴᠡ ᠪᠣᠯᠭᠠᠵᠤ᠂ ᠡᠭᠦᠳᠦᠨ ᠪᠠᠶᠢᠭᠤᠯᠬᠤ ᠠᠷᠭ᠎ᠠ ᠪᠠᠷᠢᠯ ᠢ ᠴᠢᠩᠭᠠᠷᠠᠭᠤᠯᠤᠨ᠂ ᠡᠭᠦᠳᠦᠨ | ᠪᠠᠶᠢᠭᠤᠯᠬᠤ ᠠᠭᠤᠯᠭ᠎ᠠ ᠶᠢ ᠪᠠᠶᠠᠯᠢᠭᠵᠢᠭᠤᠯᠵᠤ᠂ ᠡᠭᠦᠳᠦᠨ ᠪᠠᠶᠢᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ | ᠪᠥᠬᠦ ᠬᠤᠲᠠ ᠪᠠᠷ ᠢᠶᠠᠨ ᠦᠨᠳᠦᠰᠦᠲᠡᠨ ᠤ ᠠᠵᠢᠯ ᠤᠨ ᠬᠠᠷᠢᠯᠴᠠᠨ ᠠᠳᠠᠯᠢᠳᠬᠠᠵᠤ ᠬᠠᠷᠢᠯᠴᠠᠨ ᠰᠤᠷᠤᠯᠴᠠᠬᠤ | ᠠᠵᠢᠯᠯᠠᠭ᠎ᠠ ᠶᠢ ᠥᠷᠨᠢᠭᠦᠯᠥᠨ᠂ ᠡᠬᠦᠨ ᠢᠶᠠᠷ ᠳᠠᠮᠵᠢᠨ᠂ ᠦᠨᠳᠥᠰᠥᠳᠡᠨ ᠨᠦᠭᠦᠳ ᠡᠷᠭᠡ ᠳᠡᠭᠰᠢ᠂ | ᠦᠨᠳᠥᠰᠥᠳᠡᠨ ᠨᠦᠭᠦᠳ ᠬᠠᠷᠢᠯᠴᠠᠨ ᠬᠠᠪᠰᠤᠷᠤᠯᠴᠠᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠢᠷᠠᠭᠤ | ᠲᠤᠤᠯᠢᠰ ᠢ ᠪᠢᠴᠢᠭᠯᠡᠪᠡ᠃ | |