ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2023/3/14
   3 ᠰᠠᠷ᠎ᠠ ᠶᠢᠨ 12 ᠤᠨ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ᠪᠥᠬᠦ ᠬᠤᠰᠢᠭᠤᠨ ᠤ ︽ᠬᠦᠳᠡᠭᠡ ᠠᠵᠤ ᠠᠬᠤᠢ ᠬᠦᠳᠡᠭᠡ ᠲᠤᠰᠬᠤᠨ ᠮᠠᠯᠴᠢᠨ ᠲᠠᠷᠢᠶᠠᠴᠢᠨ︾ ᠤ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠬᠤᠷᠠᠯ ᠢ ᠡᠷᠭᠢᠯᠡᠵᠦ᠂ ᠬᠤᠰᠢᠭᠤᠨ ᠤ ᠤᠳᠤᠷᠢᠳᠤᠯᠭ᠎ᠠ ᠬᠠᠰᠪᠦ᠋ᠬᠡ᠂ ᠴᠧᠩ ᠮᠢᠩ ᠯᠢ ᠨᠡᠷ ᠬᠤᠷᠠᠯ ᠳᠤ ᠣᠷᠣᠯᠴᠠᠵᠠᠶ᠃ ᠰᠦᠨ ᠰᠢᠩ ᠢᠦᠢ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ ᠤ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ︽ᠬᠦᠳᠡᠭᠡ ᠠᠵᠤ ᠠᠬᠤᠢ ᠬᠦᠳᠡᠭᠡ ᠲᠤᠰᠬᠤᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠶᠢᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠬᠠᠷᠠᠯᠲᠠ ᠡᠭᠦᠷᠭᠡ᠂ ᠪᠠᠶᠢᠯᠳᠤᠬᠤ ᠪᠣᠳᠣᠯᠭ᠎ᠠ ᠶᠢᠨ ᠭᠤᠤᠯᠳᠠᠯᠭ᠎ᠠ᠂ ᠭᠤᠤᠯ ᠰᠢᠪᠲᠤᠯᠤᠯᠲᠠ ᠶᠢᠨ ᠴᠢᠭᠯᠡᠯ ᠢ ᠲᠣᠳᠣᠷᠬᠠᠶᠢᠯᠠᠨ᠂ ᠰᠠᠭᠤᠷᠢ ᠪᠠᠨ ᠪᠠᠬᠢᠵᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠬᠦ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠬᠤ ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠤ ᠪᠠᠶᠠᠨ ᠴᠢᠨᠡᠭᠡᠯᠢᠭ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ ᠭᠡᠵᠡᠢ᠃    ᠰᠦᠨ ᠰᠢᠩ ᠢᠦᠢ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠦᠴᠦᠯᠡᠨ ᠪᠠᠲᠤᠯᠠᠵᠤ ᠂ ᠤᠰᠤᠨ ᠲᠤᠲᠤᠷᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠨᠠᠷᠢᠯᠢᠭ ᠭᠦᠨᠵᠡᠭᠡᠢ ᠡᠳ᠋ᠰᠢᠭᠦᠯᠬᠦ ᠪᠠ ᠲᠦᠷᠦᠯ ᠲᠡᠮᠳᠡᠭ ᠢᠶᠠᠷ ᠡᠵᠡᠩᠨᠡᠨ ᠪᠣᠷᠣᠯᠠᠭᠤᠯᠬᠤ ᠶᠢ ᠬᠦᠴᠦᠯᠡᠨ ᠬᠥᠭᠵᠢᠭᠦᠯᠵᠦ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠡᠳ᠋ᠰᠢᠭᠦᠯᠦᠯᠲᠡ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠢ ᠵᠣᠯᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠤᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠠᠵᠢᠯ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠦᠳᠦᠭᠡᠨ ᠪᠠᠶᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ︽ᠬᠦᠳᠡᠭᠡ ᠠᠵᠤ ᠠᠬᠤᠢ ᠬᠦᠳᠡᠭᠡ ᠲᠤᠰᠬᠤᠨ ᠮᠠᠯᠴᠢᠨ ᠲᠠᠷᠢᠶᠠᠴᠢᠨ︾ ᠤ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠶᠢ ᠪᠣᠳᠠᠲᠠᠢ ᠠᠳᠬᠤᠵᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠵᠤ ᠰᠢᠯᠭᠠᠨ ᠦᠨᠡᠯᠡᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ᠂ ᠨᠡᠩ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃ ᠬᠤᠷᠠᠯ ᠢ ᠸᠢᠳᠢᠤ᠋ ᠪᠠᠷ ᠬᠤᠷᠠᠯᠳᠤᠭᠤᠯᠵᠤ᠂ ᠡᠯ᠎ᠡ ᠰᠤᠮᠤ ᠰᠢᠶᠠᠩ ᠪᠠᠯᠭᠠᠰᠤ᠂ ᠡᠭᠦᠯᠳᠡᠷ ᠤᠨ ᠮᠠᠯ ᠦᠷᠡᠵᠢᠭᠦᠯᠬᠦ ᠲᠥᠪ᠂ ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃  
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号