ᠷᠠᠰᠢᠶᠠᠨ ᠬᠤᠲᠠ ᠶᠢᠨ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠮᠣᠩᠭᠤᠯ ᠪᠦᠲᠦᠭᠡᠭᠳᠡᠬᠦᠨ ᠤ ᠰᠢᠯᠢᠳᠡᠭ ᠮᠠᠲ᠋ᠧᠷᠢᠶᠠᠯ ᠤᠨ ᠺᠣᠮᠫᠠᠨᠢ ᠲᠠᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠮᠲᠤᠷᠠᠯᠴᠠᠭᠠᠨ ᠤ ᠤᠴᠢᠷ ᠶᠠᠪᠤᠳᠠᠯ ᠤᠨ ᠲᠤᠬᠠᠶ ᠵᠥᠪᠳᠡᠯᠴᠡᠪᠡ
ᠨᠡᠶᠢᠲᠡᠯᠡᠭᠰᠡᠨ ᠴᠠᠭ᠄
2023/3/14
    3 ᠰᠠᠷ᠎ᠠ ᠶᠢᠨ 8 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᡁᠢ ᠵᠢᠶᠦ᠋ᠨ ᠪᠣᠯᠤᠨ ᠮᠣᠩᠭᠤᠯ ᠪᠦᠲᠦᠭᠡᠭᠳᠡᠬᠦᠨ ᠤ ᠰᠢᠯᠢᠳᠡᠭ ᠮᠠᠲ᠋ᠧᠷᠢᠶᠠᠯ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ  ᠵᠦ ᠯᠢᠩ ᠰᠢᠨ᠂ ᠶᠡᠷᠦᠩᠬᠡᠶ ᠳᠠᠭᠠᠭᠠᠮᠠᠯ ᠵᠠᠩ ᠳ᠋ᠢ ᠠᠭᠤᠷᠬᠠᠶ ᠶᠢᠨ ᠪᠤᠯᠠᠭ ᠤᠨ ᠤᠰᠤ ᠶᠢ ᠨᠡᠭᠡᠭᠡᠨ ᠠᠰᠢᠭᠯᠠᠬᠤ᠂ ᠴᠢᠴᠠᠷᠭᠠᠨ᠎ᠠ ᠵᠢᠮᠢᠰ ᠪᠣᠯᠪᠠᠰᠤᠷᠠᠭᠤᠯᠬᠤ ᠵᠡᠷᠭᠡ ᠬᠦᠷᠢᠶᠡᠨ ᠳᠠᠬᠢ ᠪᠦᠲᠦᠭᠡᠭᠳᠡᠬᠦᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠮᠲᠤᠷᠠᠯᠴᠠᠭᠠᠨ ᠤ ᠶᠠᠪᠤᠳᠠᠯ ᠤᠨ ᠲᠤᠬᠠᠶ ᠵᠥᠪᠳᠡᠯᠴᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠴᠧᠩ ᠷᠦᠩ ᠱᠠᠨ ᠶᠠᠷᠢᠯᠴᠠᠭᠠᠨ ᠳᠤ ᠣᠷᠣᠯᠴᠠᠪᠠ᠃    ᠬᠤᠶᠠᠷ ᠲᠠᠯ᠎ᠠ ᠪᠠᠷ ᠢᠶᠠᠨ ᠷᠠᠰᠢᠶᠠᠨ ᠤᠰᠤᠨ ᠤ ᠪᠦᠲᠦᠭᠡᠭᠳᠡᠬᠦᠨ ᠢ ᠡᠭᠦᠳᠬᠦ᠂ ᠴᠢᠴᠠᠷᠭᠠᠨ᠎ᠠ ᠶᠢᠨ ᠤᠮᠳᠠᠭᠠᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠵᠡᠷᠭᠡ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠪᠥᠭᠡᠳ ᠠᠩᠬ᠎ᠠ ᠠᠯᠬᠤᠮ ᠤᠨ ᠬᠠᠮᠲᠤ ᠶᠢᠨ ᠲᠠᠨᠢᠯᠲᠠ ᠲᠠᠢ ᠪᠣᠯᠵᠠᠢ᠃ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠭᠠᠵᠠᠷ ᠣᠷᠣᠨ ᠤ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠳᠠᠪᠠᠭᠤᠯᠢᠭ ᠢ ᠭᠦᠨᠵᠡᠭᠡᠢ ᠠᠭᠤᠳᠠᠯᠵᠤ᠂ ᠦᠢᠯᠡᠳᠬᠦᠨ ᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠳᠤ ᠦᠢᠯᠡᠴᠢᠯᠡᠵᠦ᠂ ᠠᠵᠤ ᠠᠬᠤᠢ ᠳᠤ ᠦᠢᠯᠡᠴᠢᠯᠡᠵᠦ᠂ ᠶᠡᠭᠡ ᠲᠠᠯ᠎ᠠ ᠳᠤ ᠦᠢᠯᠡᠴᠢᠯᠡᠵᠦ᠂ ᠷᠠᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠰᠣᠷᠭᠤᠭ ᠬᠦᠴᠦᠨ ᠪᠠ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃    ᠬᠤᠶᠠᠷ ᠲᠠᠯ᠎ᠠ ᠪᠠᠷ ᠢᠶᠠᠨ ᠪᠠᠰᠠ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠭ᠎ᠠ ᠬᠢᠵᠡᠢ᠃    
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号