ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ   ᠤᠷᠤᠨ ᠤ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰ  ᠤᠨ ᠬᠦᠷᠢᠶᠡᠯᠡᠩ ᠪᠠᠶᠢᠭᠤᠯᠬᠤ ᠵᠥᠪᠰᠢᠶᠡᠷᠡᠯ ᠤᠯᠪᠠ
ᠨᠡᠶᠢᠲᠡᠯᠡᠭᠰᠡᠨ ᠴᠠᠭ᠄
2023/3/14
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ᠨᠡᠶᠢᠲᠡᠯᠡᠭᠰᠡᠨ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠨᠢ  ᠤᠷᠤᠨ  ᠤ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰ ᠤᠨ ᠬᠦᠷᠢᠶᠡᠯᠡᠩ ᠪᠠᠶᠢᠭᠤᠯᠬᠤ ᠪᠠᠷ ᠵᠥᠪᠰᠢᠶᠡᠷᠡᠭᠳᠡᠪᠡ᠃  ᠰᠦ ᠶᠢᠨ  ᠠᠵᠦ ᠦᠢᠯᠡᠰ ᠤᠨ ᠬᠦᠷᠢᠶᠡᠯᠡᠩ ᠤᠨ ᠶᠡᠷᠦᠩᠬᠡᠶ ᠲᠠᠯᠠᠪᠠᠶ 224.5 ᠲᠦᠮᠡᠨ ᠮᠥ ᠳᠤ ᠬᠦᠷᠴᠦ᠂  ᠴᠠᠷᠠᠰᠤᠨ ᠪᠠᠯᠭᠠᠰᠤ᠂ ᠡᠷᠬᠡᠳᠤ ᠪᠠᠯᠭᠠᠰᠤ᠂ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠬᠢᠩᠭᠠᠨ ᠠᠶᠢᠮᠠᠭ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠯᠭᠠᠯᠳᠤᠭᠰᠠᠨ ᠲᠣᠭᠤᠷᠢᠭ ᠢ ᠬᠠᠮᠤᠷᠴᠤ᠂ 34.14 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠲᠣᠰ ᠠᠵᠤ  ᠦᠢᠯᠡᠰ ᠤᠨ ᠬᠦᠷᠢᠶᠡᠯᠡᠩ ᠢᠶᠠᠨ ᠪᠥᠬᠦ ᠤᠯᠤᠰ ᠤᠨ  ᠰᠦ ᠶᠢᠨ ᠦᠢᠯᠡᠰ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠪ᠂ ᠵᠡᠭᠦᠨ ᠬᠤᠶᠢᠲᠤ ᠣᠷᠣᠨ ᠤ ᠰᠢᠵᠢᠷ ᠠᠯᠲᠠᠨ  ᠰᠦ ᠶᠢᠨ ᠬᠠᠩᠭᠠᠯᠭ᠎ᠠ ᠶᠢᠨ ᠰᠠᠭᠤᠷᠢᠨ ᠭᠠᠵᠠᠷ ᠪᠠ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠤᠯᠠᠮᠵᠢᠯᠠᠯᠲᠤ ᠴᠠᠭᠠᠨ ᠢᠳᠡᠭᠡᠨ ᠤ  ᠦᠢᠯᠡᠳᠪᠦᠷᠢᠯᠡᠯ ᠪᠣᠯᠪᠠᠰᠤᠷᠠᠭᠤᠯᠤᠯᠲᠠ ᠶᠢᠨ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号