ᠵᠠᠯᠠᠶᠢᠳ ᠬᠤᠰᠢᠭᠤ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/14
    3 ᠰᠠᠷ᠎ᠠ ᠶᠢᠨ 12 ᠤᠨ ᠡᠳᠦᠷ᠂ ᠵᠠᠯᠠᠶᠢᠳ ᠬᠤᠰᠢᠭᠤ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ᠂ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠷᠠᠯ ᠬᠤᠷᠠᠯᠳᠤᠭᠤᠯᠪᠠ᠃ ᠬᠤᠷᠠᠯ ᠠᠴᠠ ᠲᠥᠪ᠂ ᠣᠷᠣᠨ᠂ ᠠᠶᠢᠮᠠᠭ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ᠂ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦ ᠪᠠᠨ ᠲᠥᠪᠯᠡᠷᠡᠭᠦᠯᠦᠨ ᠠᠬᠢᠭᠤᠯᠬᠤ ᠶᠢ ᠳᠠᠶᠢᠴᠢᠯᠠᠵᠠᠢ᠃ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠢ ᠬᠤᠷᠠᠯ ᠳᠤ ᠣᠷᠣᠯᠴᠠᠬᠤ ᠶᠢᠨ ᠬᠠᠮᠳᠣ ᠶᠠᠷᠢᠶ᠎ᠠ ᠲᠠᠯᠪᠢᠪᠠ᠃      ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ ᠬᠤᠷᠠᠯ ᠢ ᠡᠷᠭᠢᠯᠡᠵᠦ᠂ ᠬᠤᠰᠢᠭᠤᠨ ᠤ ᠤᠳᠤᠷᠢᠳᠤᠯᠭ᠎ᠠ ᠬᠠᠰᠪᠦ᠋ᠭᠡ᠂ ᠴᠧᠩ ᠮᠢᠩ ᠯᠢ ᠨᠠᠷ ᠬᠤᠷᠠᠯ ᠳᠤ ᠣᠷᠣᠯᠴᠠᠵᠠᠢ᠃    ᠰᠦᠨ ᠰᠢᠩ ᠢᠦᠢ᠂ ︽ᠠᠵᠤ ᠠᠬᠤᠢ ᠶᠢᠨ ᠠᠵᠢᠯ ᠢ ᠠᠳᠬᠤᠬᠤ ᠳᠤ ᠡᠷᠬᠡᠪᠰᠢ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠶᠢ ᠠᠳᠬᠤᠬᠤ ᠬᠡᠷᠡᠭᠲᠡᠢ᠂ ᠶᠡᠭᠡ ᠪᠠᠷ ᠠᠷᠠᠯᠵᠢᠶᠠᠴᠢᠨ ᠤᠷᠢᠬᠤ ᠦᠭᠡᠢ ᠪᠣᠯ ᠶᠡᠭᠡ ᠪᠠᠷ ᠬᠥᠭᠵᠢᠵᠦ ᠴᠢᠳᠠᠬᠤ ᠦᠭᠡᠢ︾ ᠭᠡᠬᠦ ᠦᠵᠡᠯ ᠤᠬᠠᠮᠰᠠᠷ ᠢ ᠪᠠᠲᠤ ᠪᠤᠶ ᠪᠣᠯᠭᠠᠵᠤ᠂ ᠬᠤᠴᠣᠷᠬᠤ ᠦᠭᠡᠢ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠰᠥᠰᠥ ᠵᠣᠷᠢᠭ ᠢᠶᠠᠨ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠤᠨ ᠠᠪᠴᠢᠷᠠᠬᠤ ᠠᠵᠢᠯ ᠢ ᠥᠷᠨᠢᠭᠦᠯᠵᠦ᠂ ᠰᠠᠭᠤᠵᠤ ᠲᠣᠭᠲᠠᠬᠤ ᠦᠭᠡᠢ᠂ ᠬᠦᠯᠢᠶᠡᠵᠦ ᠳᠡᠶᠢᠯᠬᠦ ᠦᠭᠡᠢ᠂ ᠤᠳᠠᠭᠠᠰᠢᠷᠠᠭᠤᠯᠵᠤ ᠳᠡᠶᠢᠯᠬᠦ ᠦᠭᠡᠢ ᠲᠤᠯᠭᠠᠮ᠎ᠠ ᠰᠡᠳᠬᠢᠯᠭᠡ ᠪᠠᠷ ᠪᠠᠶᠢᠳᠠᠯ ᠢᠶᠠᠨ ᠰᠠᠶᠢᠲᠤᠷ ᠲᠣᠬᠢᠷᠠᠭᠤᠯᠤᠨ ᠂ ᠰᠠᠶᠢᠨ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠭᠡᠵᠡᠢ᠃ ᠰᠦᠨ ᠰᠢᠩ ᠢᠦᠢ᠂ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠨᠡᠩ ᠰᠢᠯᠢᠳᠡᠭ ᠪᠠᠶᠢᠳᠠᠯ᠂ ᠨᠡᠩ ᠬᠦᠴᠦᠷᠬᠡᠭ ᠬᠠᠮᠳᠤᠷᠠᠯ ᠤᠨ ᠬᠦᠴᠤᠨ ᠢᠶᠠᠷ ᠠᠵᠤ ᠠᠬᠤᠢ ᠶᠢᠨ ᠬᠥᠭᠵᠢᠯᠲᠡ ᠶᠢ ᠠᠳᠬᠤᠬᠤ ᠬᠡᠷᠡᠭᠲᠡᠢ᠃ ᠴᠢᠭᠯᠡᠯ ᠢᠶᠠᠨ ᠣᠨᠣᠪᠴᠢᠲᠠᠢ ᠣᠯᠵᠤ᠂ ᠠᠷᠭ᠎ᠠ ᠵᠠᠮ ᠢᠶᠠᠨ ᠥᠷᠭᠡᠳᠬᠡᠵᠦ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ ᠠᠷᠠᠯᠵᠢᠶᠠᠴᠢᠨ ᠤᠷᠢᠬᠤ ᠶᠢ ᠠᠳᠬᠤᠬᠤ ᠬᠡᠷᠡᠭᠲᠡᠢ᠃ ᠲᠣᠬᠢᠷᠠᠭᠤᠯᠭ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ ᠪᠠᠲᠤᠯᠠᠭ᠎ᠠ ᠶᠢ ᠴᠢᠩᠭᠠᠳᠬᠠᠨ᠂ ᠰᠤᠷᠲᠠᠯ ᠢ ᠰᠢᠯᠢᠳᠡᠭᠵᠢᠭᠦᠯᠵᠦ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠶᠢ ᠨᠠᠷᠢᠯᠢᠭ ᠣᠨᠣᠴᠠᠲᠠᠢ ᠪᠣᠯᠭᠠᠬᠤ᠂ ᠨᠠᠷᠢᠯᠢᠭᠵᠢᠭᠤᠯᠬᠤ ᠲᠠᠯ᠎ᠠ ᠪᠠᠷ ᠬᠦᠴᠦ ᠣᠷᠣᠭᠤᠯᠵᠤ᠂ ᠠᠵᠢᠯᠲᠠᠨ᠂ ᠠᠷᠭ᠎ᠠ ᠵᠠᠮ᠂ ᠲᠥᠷᠥ ᠶᠢᠨ ᠪᠣᠳᠣᠯᠭ᠎ᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠳᠤ ᠦᠨᠡᠨ ᠪᠣᠳᠠᠲᠠᠢ ᠦᠷ᠎ᠡ ᠪᠦᠲᠦᠭᠡᠯ ᠣᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃    ᠬᠤᠷᠠᠯ ᠠᠴᠠ ᠵᠠᠯᠠᠶᠢᠳ ᠬᠤᠰᠢᠭᠤᠨ ᠤ 2023 ᠣᠨ ᠤ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠬᠠᠷᠠᠯᠲᠠ ᠶᠢᠨ ᠡᠭᠦᠷᠭᠡ ᠪᠣᠯᠣᠨ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠶᠢ ᠱᠠᠩᠨᠠᠬᠤ ᠲᠦᠷ ᠬᠡᠷᠡᠭᠵᠢᠭᠦᠯᠬᠦ ᠠᠷᠭ᠎ᠠ ᠵᠡᠷᠭᠡ ᠶᠢ ᠣᠯᠠᠮᠵᠢᠯᠠᠪᠠ᠃ ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠰᠤᠮᠤ ᠰᠢᠶᠠᠩ ᠪᠠᠯᠭᠠᠰᠤ᠂ ᠡᠭᠦᠯᠳᠡᠷ ᠤᠨ ᠮᠠᠯ ᠦᠷᠡᠵᠢᠭᠦᠯᠬᠦ ᠲᠥᠪ᠂ ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号