ᠬᠢᠩᠭᠠᠨ ᠠᠶᠢᠮᠠᠭ᠄ ︽ᠰᠢᠨᠵᠢᠯᠡᠬᠦ ᠤᠬᠠᠭᠠᠨ ᠮᠡᠷᠭᠡᠵᠢᠯ + ᠣᠷᠴᠢᠨ ᠠᠬᠤᠶ ᠶᠢᠨ ᠬᠠᠮᠠᠭᠠᠯᠠᠯᠲᠠ︾ ᠨᠢ ︽ᠬᠠᠭᠤᠴᠢᠨ ᠠᠵᠤ ᠦᠢᠯᠡᠰ︾ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/3/14
     ᠤᠢᠢᠷ᠎ᠠ ᠶᠢᠨ ᠵᠢᠯ ᠠᠴᠠ᠂ ᠬᠢᠩᠭᠠᠨ ᠠᠶᠢᠮᠠᠭ ᠤᠨ ᠬᠢᠨ ᠠᠵᠤ ᠠᠬᠤᠶᠢᠯᠠᠯ ᠤᠨ ᠤᠶᠤᠨᠴᠢᠯᠠᠭᠰᠠᠨ ᠥᠭᠡᠷᠡᠴᠢᠯᠡᠯᠲᠡ᠂ ᠡᠨᠧᠷᠭᠢ ᠶᠢᠨ ᠠᠰᠢᠭᠯᠠᠮᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠳᠡᠭᠡᠭᠰᠢᠯᠡᠭᠦᠯᠬᠦ ᠪᠠ ᠦᠢᠯᠡᠳᠬᠦᠨ ᠤ ᠪᠦᠲᠦᠴᠡ ᠶᠢᠨ ᠳᠤᠬᠢᠷᠠᠭᠤᠯᠤᠯᠳᠠ ᠬᠢᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠦᠴᠦᠯᠡᠨ ᠠᠬᠢᠭᠤᠯᠪᠠ᠃ 2022 ᠣᠨ ᠳᠤ ᠂ ᠦᠬᠠᠨ ᠤ ᠪᠤᠯᠤᠳ ᠲᠡᠮᠤᠷ ᠤᠨ ᠺᠣᠮᠫᠠᠨᠢ᠂ ᠲᠠᠮᠠᠬᠢᠨ ᠤ ᠦᠢᠯᠡᠳᠪᠦᠷᠢ ᠵᠡᠷᠭᠡ 7 ᠡᠷᠦᠬᠡ ᠶᠢᠨ ᠵᠢᠯ ᠤᠨ ᠦᠢᠯᠡᠳᠬᠦᠨ ᠤ ᠦᠷᠳᠡᠭ ᠨᠢ 10 ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ 146.7 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠢ ᠪᠡᠶᠡᠯᠡᠭᠦᠯᠵᠦ᠂ 14.7% ᠢᠶᠠᠷ ᠨᠡᠮᠡᠭᠳᠡᠪᠡ᠃ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠤᠮᠳᠠ᠂ ︽ᠬᠠᠭᠤᠴᠢᠨ ᠠᠵᠤ ᠦᠢᠯᠡᠰ ︾ ᠰᠢᠨᠵᠢᠯᠡᠬᠦ ᠤᠬᠠᠭᠠᠨ ᠮᠡᠷᠭᠡᠵᠢᠯ ᠪᠠ ᠣᠷᠴᠢᠨ ᠠᠬᠤᠶ ᠶᠢᠨ ᠬᠠᠮᠠᠭᠠᠯᠠᠯᠲᠠ ᠭᠡᠬᠦ ᠡᠨᠡ ᠬᠤᠶᠠᠷ ︽ᠡᠷᠳᠡᠨᠢ︾ ᠳᠡᠭᠡᠨ ᠲᠦᠰᠢᠭᠯᠡᠵᠦ᠂ ᠴᠠᠭ ᠦᠶ᠎ᠡ ᠳᠤ ᠰᠢᠭᠰᠢᠭᠳᠡᠭᠰᠡᠨ ᠦᠭᠡᠢ ᠮᠥᠷᠲᠡᠭᠡᠨ ᠭᠡᠳᠡᠷᠭᠦ ᠪᠠᠨ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠤᠭᠰᠠᠨ ᠪᠠᠶᠢᠨ᠎ᠠ᠃    ᠨᠢᠭᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ᠃ ᠤᠢᠢᠷ᠎ᠠ ᠶᠢᠨ ᠵᠢᠯ ᠠᠴᠠ᠂ ᠬᠢᠩᠭᠠᠨ ᠠᠶᠢᠮᠠᠭ ︽ᠰᠢᠨᠵᠢᠯᠡᠬᠦ ᠤᠬᠠᠭᠠᠨ ᠮᠡᠷᠭᠡᠵᠢᠯ ᠢᠶᠠᠷ  ᠦᠪᠦᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠳᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠤ ᠦᠢᠯᠡᠰ ᠪᠣᠯᠤᠨ ᠭᠤᠣᠯᠳᠠᠯᠭ᠎ᠠ ᠲᠠᠢ ᠬᠦᠷᠢᠶᠡᠨ ᠤ ᠵᠠᠩᠭᠢᠯᠠᠭ᠎ᠠ ᠶᠢᠨ ᠮᠡᠷᠭᠡᠵᠢᠯ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠬᠦ ᠡᠬᠢ ᠪᠠᠶᠠᠯᠢᠭ ᠢ ᠥᠨᠳᠥᠷ ᠦᠷ᠎ᠡ ᠠᠰᠢᠭ ᠲᠠᠢ ᠲᠥᠪᠯᠡᠷᠡᠭᠦᠯᠬᠦ ᠶᠢ ᠠᠬᠢᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠲᠦᠷᠭᠡᠨ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠮᠡᠳᠡᠭᠳᠡᠮ᠎ᠡ ᠴᠢᠩᠭᠠᠳᠬᠠᠵᠠᠢ᠃    ᠠᠯᠠᠰᠢᠨ ᠬᠤᠨᠢᠨ ᠤ ᠠᠵᠤ  ᠦᠢᠯᠡᠰ ᠪᠣᠯ ᠬᠢᠩᠭᠠᠨ ᠠᠶᠢᠮᠠᠭ ᠤᠨ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠮᠥᠨ᠂ ᠶᠡᠷᠦ ᠠᠴᠠ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠪᠦᠲᠦᠮᠵᠢᠲᠡᠶ ᠠᠷᠭ᠎ᠠ ᠵᠠᠮ ᠪᠣᠯᠤᠭᠰᠠᠭᠠᠷ ᠢᠷᠡᠵᠡᠶ᠃ ᠤᠢᠢᠷ᠎ᠠ ᠶᠢᠨ ᠵᠢᠯ ᠠᠴᠠ᠂ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠠᠯᠠᠰᠢᠨ ᠬᠤᠨᠢ ᠶᠢ ᠪᠤᠶᠢᠵᠢᠭᠤᠯᠬᠤ ᠪᠠ ᠦᠷᠡᠵᠢᠭᠦᠯᠬᠦ ᠳᠤ ᠲᠠᠰᠤᠷᠠᠯᠲᠠ ᠦᠭᠡᠢ ᠬᠡᠷᠡᠭᠯᠡᠬᠦ ᠶᠢ ᠲᠠᠭᠠᠯᠳᠤᠨ᠂ ᠬᠢᠩᠭᠠᠨ ᠠᠶᠢᠮᠠᠭ ᠤᠨ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠨᠡᠩ ᠶᠡᠭᠡ ᠠᠮᠢᠵᠢᠷᠠᠯ ᠤᠨ ᠬᠦᠴᠦᠨ ᠲᠠᠢ ᠪᠤᠯᠵᠤ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠠᠵᠤ ᠠᠬᠤᠶᠢᠯᠠᠯ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠠᠬᠤᠶᠢᠯᠠᠯ ᠢ ᠬᠥᠭᠵᠢᠭᠦᠯᠬᠦ︾ ᠠᠴᠠ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠳ ᠲᠤ ᠠᠰᠢᠭ ᠬᠦᠷᠲᠡᠭᠡᠬᠦ︾ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠠᠯᠬᠤᠮ ᠠᠯᠬᠤᠮ ᠢᠶᠠᠷ ᠵᠠᠮᠨᠠᠪᠠ᠃    ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠲᠥᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠭ᠎ᠠ ᠥᠪᠥᠷ ᠮᠣᠩᠭᠤᠯ ᠤᠨ ᠶᠡᠭᠡ ᠨᠡᠶᠢᠲᠡ ᠶᠢᠨ ᠮᠠᠯ ᠪᠡᠯᠴᠢᠭᠡᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠢᠭᠡᠳ ᠵᠢᠵᠢᠭ ᠪᠢᠴᠢᠯ ᠠᠵᠤ ᠠᠬᠤᠶᠢᠯᠠᠯ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢ ᠣᠷᠭᠠᠨᠢᠭ ᠢᠶᠠᠷ ᠤᠶᠠᠯᠳᠤᠭᠤᠯᠵᠤ᠂ ᠠᠵᠤ ᠠᠬᠤᠶᠢᠯᠠᠯ ᠢᠶᠠᠷ ᠭᠤᠤᠯ ᠪᠣᠯᠭᠠᠭᠰᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠣᠷᠣᠯᠴᠠᠭᠰᠠᠨ ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠦᠰᠦᠨ ᠪᠤᠶᠢᠵᠢᠵᠤ ᠬᠥᠭᠵᠢᠬᠦ ᠶᠢ ᠨᠥᠯᠥᠭᠡᠯᠡᠨ ᠳᠠᠶᠢᠴᠢᠯᠠᠭᠰᠠᠨ ︽ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠤᠯᠪᠣᠭᠠᠲᠤ ᠴᠣᠭᠴᠠ︾ ᠶᠢ ᠪᠣᠶ ᠪᠣᠯᠭᠠᠨ᠎ᠠ᠃ ︽ᠡᠭᠦᠯᠳᠡᠷ ᠪᠤᠶᠢᠵᠢᠭᠤᠯᠬᠤ᠂ ᠦᠷᠡᠵᠢᠭᠦᠯᠬᠦ᠂ ᠪᠤᠶᠢᠵᠢᠭᠤᠯᠬᠤ︾ ᠭᠤᠷᠪᠠᠨ ᠲᠣᠮᠣ ᠭᠤᠤᠯᠯᠠᠬᠤ ᠮᠡᠷᠭᠡᠵᠢᠯ ᠳᠤ ᠲᠦᠰᠢᠭᠯᠡᠨ᠂ ᠣᠳᠣᠬᠠᠨ ᠳᠤ᠂ ᠲᠣᠰ ᠺᠣᠮᠫᠠᠨᠢ ᠨᠢ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠭᠠᠵᠠᠷ ᠣᠷᠣᠨ ᠤ ᠬᠠᠮᠤᠭ ᠤᠨ ᠲᠣᠮᠣ ᠬᠤᠴᠠ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠣᠯᠵᠣ᠂ ᠵᠢᠯ ᠪᠦᠷᠢ 1 ᠲᠦᠮᠡᠨ ᠳ᠋ᠦ᠋ ᠪᠥᠸᠧ᠂ ᠰᠠᠹᠦᠺ ᠤᠨ ᠬᠦᠪᠦᠷᠡᠯ ᠢ ᠰᠢᠯᠵᠢᠭᠦᠯᠦᠨ ᠤᠷᠭᠤᠭᠤᠯᠵᠤ᠂ 5000 ᠭᠠᠷᠤᠶ ᠬᠤᠴᠠ ᠬᠠᠩᠭᠠᠵᠤ ᠪᠠᠶᠢᠨ᠎ᠠ᠃    ᠥᠪᠥᠷ ᠮᠣᠩᠭᠤᠯ ᠤᠨ ᠳ᠋ᠦ᠋ ᠮᠧᠶ ᠮᠠᠯ ᠠᠵᠤ ᠠᠬᠤᠶ ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠶᠢᠭᠤᠯᠤᠭᠳᠠᠭᠰᠠᠨ 20 ᠭᠠᠷᠤᠶ ᠵᠢᠯ ᠤᠨ ᠲᠤᠷᠰᠢ᠂ ᠴᠢᠨᠠᠷ ᠰᠠᠶᠢᠲᠠᠶ ᠬᠤᠨᠢᠨ ᠤ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠪᠠ ᠰᠠᠶᠢᠵᠢᠷᠠᠭᠤᠯᠬᠤ ᠠᠵᠢᠯ ᠳᠤ ᠢᠮᠠᠭᠲᠠ ᠵᠢᠳᠬᠦᠭᠰᠡᠭᠡᠷ ᠢᠷᠡᠵᠡᠶ᠂ ᠣᠳᠣᠬᠠᠨ ᠳᠤ ᠬᠢᠩᠭᠠᠨ ᠠᠶᠢᠮᠠᠭ ᠤᠨ ᠬᠢᠯᠢ ᠳᠣᠲᠣᠷ᠎ᠠ ᠨᠢᠭᠡᠨᠲᠡ 6 ᠰᠠᠭᠤᠷᠢᠨ ᠭᠠᠵᠠᠷ ᠪᠠᠶᠢᠭᠤᠯᠵᠤ᠂ ᠶᠡᠷᠦᠩᠬᠡᠶ ᠲᠠᠯᠠᠪᠠᠶ ᠨᠢ 5400 ᠮᠥ ᠳᠤ ᠬᠦᠷᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠬᠤᠷᠠᠭ᠎ᠠ ᠶᠢᠨ ᠡᠭᠦᠯᠳᠡᠷ ᠪᠤᠶᠢᠵᠢᠭᠤᠯᠬᠤ ᠭᠤᠤᠯ ᠰᠠᠭᠤᠷᠢᠨ ᠭᠠᠵᠠᠷ ᠪᠣᠯᠤᠭᠰᠠᠨ ᠪᠠᠶᠢᠨ᠎ᠠ᠃ ᠲᠤᠰ ᠺᠣᠮᠫᠠᠨᠢ ᠤᠷᠢᠳ ᠬᠤᠵᠢᠳ ᠥᠪᠡᠷ ᠢᠶᠠᠨ 3000 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠤᠯᠤᠰ ᠤᠨ ᠳᠣᠲᠣᠭᠠᠳᠤ ᠶᠢᠨ ᠤᠯᠠᠨ ᠰᠢᠯᠢᠳᠡᠭ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠢ ᠤᠷᠢᠵᠤ ᠰᠢᠯᠢᠳᠡᠭ ᠬᠤᠨᠢᠨ ᠤ ᠡᠭᠦᠯᠳᠡᠷ ᠢ ᠰᠣᠩᠭᠤᠨ ᠪᠤᠶᠢᠵᠢᠭᠤᠯᠬᠤ᠂ ᠥᠷᠭᠡᠳᠬᠡᠨ ᠦᠷᠡᠵᠢᠭᠦᠯᠬᠦ᠂ ᠳᠡᠯᠭᠡᠷᠡᠭᠦᠯᠬᠦ ᠠᠵᠢᠯ ᠳᠤ ᠣᠷᠣᠯᠴᠠᠭᠤᠯᠵᠤ᠂ ᠤᠯᠠᠨ ᠬᠤᠷᠠᠭ᠎ᠠ ᠲᠠᠢ ᠬᠤᠨᠢᠨ ᠤ ᠰᠢᠨ᠎ᠡ ᠡᠭᠦᠯᠳᠡᠷ — ︽ᠬᠢᠩᠭᠠᠨ ᠤᠯᠠᠨ ᠬᠤᠷᠠᠭ᠎ᠠ︾ ᠶᠢ ᠠᠮᠵᠢᠯᠲᠠ ᠲᠠᠢ ᠪᠤᠶᠢᠵᠢᠭᠤᠯᠵᠠᠢ᠃ ᠲᠣᠰ ᠠᠯᠠᠰᠢᠨ ᠬᠤᠨᠢᠨ ᠤ ᠡᠭᠦᠯᠳᠡᠷ ᠨᠢ ᠬᠦᠢᠲᠡᠨ ᠢ ᠳᠠᠭᠠᠭᠠᠬᠤ ᠴᠢᠳᠠᠪᠤᠷᠢ ᠪᠠᠷ ᠴᠢᠩᠭ᠎ᠠ᠂ ᠦᠷᠡᠵᠢᠯ ᠤᠨ ᠨᠣᠷᠮ᠎ᠠ ᠪᠠᠷ ᠥᠨᠳᠥᠷ᠂ ᠰᠦ ᠰᠢᠭᠦᠷᠡᠭᠦᠯᠬᠦ ᠴᠢᠳᠠᠪᠤᠷᠢ ᠪᠠᠷ ᠴᠢᠩᠭ᠎ᠠ᠂ ᠪᠦᠳᠦᠭᠦᠯᠢᠭ ᠲᠡᠵᠢᠭᠡᠯ ᠳᠤ ᠲᠡᠰᠪᠦᠷᠢᠲᠡᠶ ᠵᠡᠷᠭᠡ ᠣᠨᠴᠠᠯᠢᠭ ᠲᠠᠢ ᠪᠠᠶᠢᠵᠤ᠂ ᠬᠢᠩᠭᠠᠨ ᠠᠶᠢᠮᠠᠭ ᠤᠨ ᠮᠠᠯᠴᠢᠨ ᠲᠠᠷᠢᠶᠠᠴᠢᠨ ᠤ ᠬᠠᠰᠢᠶᠠᠯᠠᠨ ᠲᠡᠵᠢᠭᠡᠵᠦ ᠦᠷᠡᠵᠢᠭᠦᠯᠬᠦ ᠳᠤ ᠮᠠᠰᠢ ᠲᠣᠬᠢᠷᠠᠮᠵᠢᠲᠠᠶ ᠪᠠᠶᠢᠳᠠᠭ᠃ 2022 ᠣᠨ ᠤ ᠵᠢᠯ ᠤᠨ ᠡᠴᠦᠰ ᠪᠣᠯᠲᠠᠯ᠎ᠠ᠂ ᠲᠣᠰ ᠺᠣᠮᠫᠠᠨᠢ ᠨᠢᠭᠡᠨᠲᠡ 3.54 ᠲᠦᠮᠡᠨ ᠡᠬᠡ ᠬᠤᠨᠢ᠂ 1.8 ᠲᠦᠮᠡᠨ ᠤᠬᠤᠨ᠎ᠠ᠂ 5 ᠲᠦᠮᠡᠨ ᠠᠯᠠᠰᠢᠨ ᠬᠤᠨᠢ ᠶᠢ ᠥᠭᠡᠷᠡᠴᠢᠯᠡᠨ ᠰᠠᠶᠢᠵᠢᠷᠠᠭᠤᠯᠵᠤ᠂ 4 ᠵᠦᠢᠯ ᠤᠨ ᠬᠤᠯᠪᠣᠭᠳᠠᠯ ᠪᠥᠬᠦᠶ ᠲᠤᠰᠬᠠᠶ ᠠᠰᠢᠭ ᠭᠥᠷᠳᠡᠭᠰᠡᠨ ᠪᠥᠭᠡᠳ ᠲᠠᠷᠢᠶᠠᠯᠠᠩ ᠤᠨ ᠰᠡᠯᠡᠭᠦᠦ ᠴᠠᠭ ᠢ ᠠᠰᠢᠭᠯᠠᠨ ᠮᠡᠷᠭᠡᠵᠢᠯ ᠤᠨ ᠠᠵᠢᠯᠲᠠᠨ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ ᠮᠠᠯᠴᠢᠨ ᠲᠠᠷᠢᠶᠠᠴᠢᠨ ᠳᠤ ᠲᠡᠵᠢᠭᠡᠨ ᠦᠷᠡᠵᠢᠭᠦᠯᠬᠦ ᠪᠣᠯᠪᠠᠰᠤᠷᠠᠭᠤᠯᠤᠯ ᠬᠢᠯᠭᠡᠭᠰᠡᠨ ᠠᠴᠠ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠳᠤ ᠠᠰᠢᠭ ᠭᠥᠷᠳᠡᠭᠰᠡᠨ ᠪᠠᠶᠢᠨ᠎ᠠ᠃    ᠬᠤᠶᠠᠷ ᠲᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠬᠦᠭ ᠠᠶᠠᠰ ᠢ ᠴᠢᠪᠬᠠᠳᠠᠵᠤ᠂ ᠠᠵᠤ ᠠᠬᠤᠶᠢᠯᠠᠯ ᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠭᠠᠨ᠎ᠠ᠃ 2022 ᠣᠨ ᠳᠤ ᠂ ᠬᠦᠨᠳᠦ ᠬᠡᠴᠡᠭᠦᠦ ᠬᠢᠵᠢᠭ ᠤᠨ ᠪᠠᠶᠢᠳᠠᠯ ᠪᠣᠯᠤᠨ ᠵᠠᠬ᠎ᠠ ᠳᠡᠯᠭᠡᠭᠦᠷ ᠤᠨ ᠪᠠᠭᠤᠷᠠᠯᠲᠠ ᠵᠡᠷᠭᠡ ᠬᠦᠴᠦᠨ ᠵᠦᠢᠯ ᠤᠨ ᠡᠮᠦᠨ᠎ᠡ᠂  ᠤᠯᠠᠭᠠᠨᠬᠤᠳᠠ ᠪᠤᠯᠤᠳ ᠲᠡᠮᠤᠷ ᠤᠨ ᠺᠣᠮᠫᠠᠨᠢ ᠶᠢᠨ ᠬᠢᠨ 66.30 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠢ ᠪᠡᠶᠡᠯᠡᠭᠦᠯᠵᠦ᠂ ᠬᠢᠩᠭᠠᠨ ᠠᠶᠢᠮᠠᠭ ᠤᠨ ᠬᠠᠮᠤᠭ ᠤᠨ ᠲᠤᠮᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠠᠭᠤᠷᠢ ᠴᠢᠯᠠᠭᠤ ᠶᠢᠨ ᠦᠢᠯᠡᠳᠦᠯ ᠢ ᠭᠦᠢᠴᠡᠳ ᠢᠯᠡᠷᠡᠭᠦᠯᠪᠡ᠃ ᠦᠬᠠᠨ ᠤ ᠪᠤᠯᠤᠳ ᠲᠡᠮᠤᠷ ᠤᠨ ᠪᠦᠯᠦᠭᠯᠡᠯ ᠪᠣᠯ 1958 ᠣᠨ ᠳᠤ ᠦᠢᠯᠡᠳᠪᠦᠷᠢ ᠪᠠᠶᠢᠭᠤᠯᠤᠭᠰᠠᠨ ᠬᠢᠩᠭᠠᠨ ᠠᠶᠢᠮᠠᠭ ᠤᠨ ᠤᠯᠤᠰ ᠤᠨ ᠥᠮᠴᠢᠯᠡᠯ ᠤᠨ ᠬᠠᠭᠤᠴᠢᠨ ᠠᠵᠤ ᠠᠬᠤᠶᠢᠯᠠᠯ ᠪᠣᠯᠤᠨ᠎ᠠ᠂ 2014 ᠣᠨ ᠳᠤ ᠵᠢᠩ ᠶᠧ ᠪᠦᠯᠦᠭᠯᠡᠯ ᠠᠴᠠ ᠵᠢᠩᠬᠢᠨᠢ ᠪᠠᠷ ᠬᠦᠯᠢᠶᠠᠨ ᠠᠪᠤᠪᠠ᠃ ᠡᠨᠡ 8 ᠵᠢᠯ ᠤᠨ ᠬᠤᠭᠤᠴᠠᠭᠠᠨ ᠳᠤ᠂  ᠤᠯᠠᠭᠠᠨᠬᠤᠳᠠ ᠪᠤᠯᠤᠳ ᠲᠡᠮᠤᠷ ᠤᠨ ᠺᠣᠮᠫᠠᠨᠢ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠭᠡᠭᠰᠡᠨ ᠪᠠᠷᠠᠬᠤ ᠦᠭᠡᠢ ᠪᠠᠰᠠ ᠪᠣᠬᠢᠷᠲᠤᠯ ᠤᠨ ︽ᠵᠠᠭᠠᠮ᠎ᠠ︾ ᠶᠢ ᠴᠢᠩᠭ᠎ᠠ ᠠᠳᠬᠤᠵᠤ᠂ ᠴᠢᠩᠭ᠎ᠠ ᠬᠦᠴᠦᠲᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠠᠷᠭ᠎ᠠ ᠪᠠᠰᠢᠷ︾ ᠢᠶᠠᠷ ᠪᠤᠯᠤᠳ ᠲᠡᠮᠤᠷ ᠤᠨ ᠠᠵᠤ ᠠᠬᠤᠶᠢᠯᠠᠯ ᠢ ᠪᠣᠬᠢᠷᠲᠤᠯ ᠤᠨ ᠬᠦᠯᠢᠶᠡᠰᠦᠯᠡᠯ ᠠᠴᠠ ᠠᠩᠭᠢᠵᠢᠷᠠᠭᠤᠯᠵᠤ᠂ ᠥᠪᠡᠷᠮᠢᠴᠡ ᠬᠡᠪ ᠨᠠᠮᠪᠠ ᠲᠠᠢ ︽ᠪᠣᠬᠢᠷᠲᠤᠯ ᠦᠭᠡᠢ ᠤᠯᠠᠭᠠᠨᠬᠤᠳᠠ ᠪᠤᠯᠤᠳ ᠲᠡᠮᠤᠷ ᠤᠨ ᠺᠣᠮᠫᠠᠨᠢ︾ ᠶᠢᠨ ᠬᠥᠭᠵᠢᠯᠲᠡ ᠶᠢᠨ ᠵᠠᠮ ᠢᠶᠠᠷ ᠵᠠᠮᠨᠠᠭᠤᠯᠤᠭᠰᠠᠨ ᠪᠠᠶᠢᠨ᠎ᠠ᠃    ᠲᠣᠨᠤᠭ ᠲᠥᠬᠦᠭᠡᠷᠦᠮᠵᠢ ᠪᠠ ᠣᠷᠴᠢᠨ ᠠᠬᠤᠶ ᠶᠢᠨ ᠬᠠᠮᠠᠭᠠᠯᠠᠯᠲᠠ ᠶᠢᠨ ᠬᠢᠷᠢ ᠲᠦᠪᠰᠢᠨ ᠢ ᠦᠷᠭᠦᠯᠵᠢᠯᠡᠨ ᠲᠠᠰ ᠳᠡᠪᠰᠢᠭᠦᠯᠦᠨ ᠥᠭᠡᠷᠡᠴᠢᠯᠡᠬᠦ ᠪᠠᠷ ᠳᠡᠮᠵᠢᠨ᠂ ᠤᠯᠠᠭᠠᠨᠬᠤᠳᠠ ᠪᠣᠯᠣᠳ ᠲᠡᠮᠦᠷ ᠤᠨ ᠺᠣᠮᠫᠠᠨᠢ ᠶᠢᠨ ᠬᠢᠨ 2014 ᠣᠨ ᠤ ᠪᠣᠷᠣᠯᠠᠭᠤᠯᠭ᠎ᠠ ᠶᠢᠨ ᠣᠷᠣᠯᠭ᠎ᠠ ᠨᠢ 12.3 ᠳ᠋ᠦᠩᠰᠢᠭᠤᠷ ᠲᠥᠭᠦᠷᠢᠭ᠂ 724 ᠲᠦᠮᠡᠨ ᠲᠥᠭᠦᠷᠢᠭ ᠤᠨ ᠭᠠᠶᠢᠯᠢ ᠲᠤᠰᠢᠶᠠᠵᠤ ᠪᠠᠶᠢᠭᠰᠠᠨ ᠠᠴᠠ ᠪᠠᠨ ᠬᠢᠩᠭᠠᠨ ᠠᠶᠢᠮᠠᠭ ᠤᠨ ᠵᠢᠯ ᠤᠨ  ᠦᠢᠯᠡᠳᠭᠦᠨ ᠤ ᠥᠷᠲᠡᠭ ᠨᠢ 50 ᠳ᠋ᠦᠩᠰᠢᠭᠤᠷ ᠲᠥᠭᠦᠷᠢᠭ ᠢ ᠳᠠᠪᠠᠭᠰᠠᠨ ᠠᠩᠬᠠᠳᠠᠭᠴᠢ ᠠᠵᠤ ᠠᠬᠤᠶᠢᠯᠠᠯ ᠪᠣᠯᠵᠣ ᠬᠥᠭᠵᠢᠪᠡ᠃ ᠣᠳᠣᠬᠠᠨ ᠳᠤ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ ᠨᠢᠭᠡᠨᠲᠡ 60 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠤᠭᠰᠠᠨ ᠪᠥᠭᠡᠳ ᠤᠷᠢᠳ ᠬᠤᠵᠢᠳ ᠭᠤᠷᠪᠠ ᠤᠳᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠭᠤᠨ ᠬᠦᠴᠦᠷᠬᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠩᠨᠡᠭᠡᠨ ᠳᠤ ᠣᠷᠣᠵᠤ᠂ ᠬᠠᠭᠤᠴᠢᠨ ᠪᠣᠯᠣᠳ ᠲᠡᠮᠦᠷ ᠤᠨ ᠦᠶ᠋ᠯᠡᠳᠪᠦᠷᠢ ᠶᠢ ᠶᠠᠭ ᠠᠯᠬᠤᠮ ᠠᠯᠬᠤᠮ ᠢᠶᠠᠷ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠣᠶᠤᠨᠴᠢ ᠥᠨᠳᠥᠷ ᠪᠦᠲᠦᠮᠵᠢᠲᠡᠶ ᠰᠢᠨ᠎ᠡ  ᠤᠯᠠᠭᠠᠨᠬᠤᠳᠠ ᠪᠣᠯᠣᠳ ᠲᠡᠮᠦᠷ ᠤᠨ  ᠦᠢᠯᠡᠳᠪᠦᠷᠢ ᠪᠣᠯᠭᠠᠨ ᠪᠥᠲᠥᠭᠡᠨ ᠪᠠᠶᠢᠭᠤᠯᠵᠤ ᠪᠠᠶᠢᠨ᠎ᠠ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号