ᠯᠢᠨ ᠬᠠᠢ ᠵᠡᠭᠡᠯᠢ ᠶᠢᠨ ᠲᠢᠶᠠᠨ ᠶᠤᠸᠠᠨ ᠨᠡᠶᠢᠭᠡᠮ ᠲᠣᠭᠤᠷᠢᠭ ︽3 · 8︾ ᠤ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠴᠠᠶᠢᠯᠠᠯᠭ᠎ᠠ ᠵᠢᠴᠢ ᠣᠷᠤᠭ ᠬᠤᠷᠢᠮ ᠭᠡᠷ ᠪᠦᠯᠢ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/14
   ︽3 · 8︾ ᠡᠮᠡᠭᠲᠡᠶᠢᠴᠦᠳ ᠤᠨ ᠪᠠᠶᠠᠷ ᠤᠨ ᠡᠳᠣᠷ ᠢ ᠪᠡᠯᠭᠡᠯᠡᠨ ᠂ ᠨᠡᠶᠢᠭᠡᠮ ᠲᠣᠭᠤᠷᠢᠭ ᠤᠨ ᠬᠠᠷᠢᠶ᠎ᠠ ᠣᠷᠣᠨ ᠤ ᠡᠮᠡᠭᠲᠡᠢ ᠨᠥᠬᠦᠳ ᠲᠤ ᠬᠠᠯᠠᠮᠵᠢᠯᠠᠯ ᠪᠠ ᠮᠡᠨᠳᠦᠴᠢᠯᠡᠯ ᠢᠶᠠᠨ ᠲᠠᠪᠰᠢᠬᠦᠯᠵᠤ᠂ ᠲᠡᠳᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠥᠷᠭᠡᠨ ᠣᠯᠠᠨ ᠡᠮᠡᠭᠲᠡᠶᠢᠴᠦᠳ ᠤᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 7 ᠤ ᠡᠳᠦᠷ᠂ ᠷᠠᠰᠢᠶᠠᠨ ᠬᠤᠳᠠ ᠶᠢᠨ ᠯᠢᠨ ᠬᠠᠢ ᠵᠡᠭᠡᠯᠢ ᠶᠢᠨ ᠲᠢᠶᠠᠨ ᠶᠤᠸᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠤᠬᠠᠮᠰᠠᠷ ᠢ ᠪᠠᠳᠣ ᠴᠣᠬᠴᠠᠯᠠᠬᠤ ᠶᠢ ᠠᠬᠢᠭᠤᠯᠬᠤ ᠨᠡᠶᠢᠭᠡᠮᠯᠢᠭ ᠲᠠᠢ ᠬᠠᠮᠲᠤ ᠲᠣᠰ ᠤᠳᠠᠭᠠᠨ ᠤ ︽3 · 8︾ ᠤ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠴᠠᠶᠢᠯᠠᠯᠭ᠎ᠠ ᠵᠢᠴᠢ ᠣᠷᠤᠭ ᠬᠤᠷᠢᠮ ᠭᠡᠷ ᠪᠦᠯᠢ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠡᠮᠡᠭᠲᠡᠶᠢᠴᠣᠳ ᠤᠨ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠡᠭᠲᠡᠶᠢᠴᠣᠳ ᠤᠨ ᠨᠡᠶᠢᠭᠡᠮ ᠲᠣᠭᠤᠷᠢᠭ ᠤᠨ ᠭᠦᠨ ᠵᠤᠵᠠᠭᠠᠨ ᠬᠠᠶᠢᠷ᠎ᠠ ᠬᠠᠯᠠᠮᠵᠢ ᠶᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠶᠢ ᠴᠢᠩᠭᠠᠳᠬᠠᠬᠤ ᠳᠤ ᠲᠠᠪᠴᠠᠩ ᠪᠠᠶᠢᠭᠤᠯᠤᠨ᠂ ᠰᠠᠭᠤᠭᠠᠯᠢ ᠠᠷᠠᠳ ᠤᠨ ᠬᠤᠭᠤᠷᠣᠨᠳᠣᠬᠢ ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠬᠢᠯᠭᠡ ᠶᠢ ᠨᠢᠬᠳᠡᠷᠡᠭᠤᠯᠵᠡᠢ᠃
 
ᠢᠷᠡᠯᠲᠡ᠄ ᠷᠠᠰᠢᠶᠠᠨ ᠬᠤᠳᠠ ᠶᠢᠨ ᠯᠢᠨ ᠬᠠᠢ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号