ᠲᠦᠴᠢᠦᠸᠠᠨ ᠰᠢᠶᠠᠨ ᠤ ︽ᠭᠤᠷᠪᠠᠨ ᠪᠥᠬᠦ ᠬᠦᠴᠦᠨ︾ ᠢᠶᠠᠷ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠪᠡᠯᠡᠳᠬᠡᠪᠡ
ᠨᠡᠶᠢᠲᠡᠯᠡᠭᠰᠡᠨ ᠴᠠᠭ᠄
2023/3/16
   2023 ᠣᠨ ᠳᠤ ᠲᠦᠴᠢᠦᠸᠠᠨ ᠰᠢᠶᠠᠨ ᠤ ᠶᠡᠷᠦᠩᠬᠡᠢ ᠲᠠᠷᠢᠶᠠᠨ ᠭᠠᠵᠠᠷ ᠤᠨ ᠲᠠᠯᠠᠪᠠᠢ 266 ᠲᠦᠮᠡᠨ ᠮᠦ ᠳᠤ ᠬᠦᠷᠴᠦ᠂ ᠠᠮᠤ ᠪᠤᠳᠠᠭᠠᠨ ᠤ ᠤᠨᠠᠯᠲᠠ ᠶᠢ 23 ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠤ ᠬᠢᠨ ᠤᠷᠢᠳᠴᠢᠯᠠᠨ ᠠᠷᠭ᠎ᠠ ᠰᠦᠪᠡᠭᠴᠢᠯᠡᠨ ᠪᠠᠶᠢᠷᠢᠯᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠪᠠᠲᠤᠯᠠᠪᠠ᠃    ᠨᠢᠭᠡ ᠳᠤ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠢ ᠪᠥᠬᠦ ᠬᠦᠴᠦᠨ ᠢᠶᠠᠷ ᠣᠲᠣ ᠪᠣᠯᠲᠠᠯ᠎ᠠ᠂ ᠨᠢᠭᠡᠨᠲᠡ 320 ᠲᠦᠮᠡᠨ ᠺᠢᠯᠣᠭ᠍ᠷᠠᠮ ᠦᠷ᠎ᠡ ᠨᠥᠭᠡᠴᠡᠯᠡᠵᠦ᠂ ᠶᠡᠷᠦᠩᠬᠡᠶ ᠬᠡᠷᠡᠭᠴᠡᠭᠡ 71% ᠳᠤ ᠬᠥᠷᠪᠡ︔ ᠬᠢᠮᠢ ᠶᠢᠨ ᠪᠤᠷᠳᠤᠭᠤᠷ ᠤᠨ ᠬᠥᠮᠥᠷᠭᠡ ᠶᠢᠨ ᠬᠠᠳᠠᠭᠠᠯᠠᠯᠲᠠ 5 ᠲᠦᠮᠡᠨ ᠲᠣᠨ ᠳᠤ ᠬᠦᠷᠴᠦ᠂ ᠶᠡᠷᠦᠩᠬᠡᠶ ᠬᠡᠷᠡᠭᠴᠡᠭᠡ ᠶᠢᠨ 714% ᠳᠤ ᠬᠦᠷᠴᠡᠶ︔ ᠲᠠᠷᠢᠶᠠᠨ ᠡᠮ ᠤᠨ ᠬᠥᠮᠥᠷᠭᠡ ᠶᠢᠨ ᠬᠠᠳᠠᠭᠠᠯᠠᠮᠵᠢ 90 ᠲᠣᠨ ᠪᠠᠶᠢᠵᠤ᠂ ᠶᠡᠷᠦᠩᠬᠡᠶ ᠬᠡᠷᠡᠭᠴᠡᠭᠡ ᠶᠢᠨ 75% ᠳᠤ ᠬᠥᠷᠪᠡ︔ ᠬᠥᠮᠥᠷᠭᠡ ᠶᠢᠨ ᠬᠠᠳᠠᠭᠠᠯᠠᠯᠲᠠ ᠶᠢᠨ ᠪᠠᠶᠢᠳᠠᠯ ᠶᠡᠷᠦᠩᠬᠡᠶ ᠳᠡᠭᠡᠨ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 20 — 30% ᠪᠠᠷ ᠨᠡᠮᠡᠭᠳᠡᠪᠡ᠃    ᠬᠤᠶᠠᠷ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ᠣᠲᠣ ᠪᠣᠯᠲᠠᠯ᠎ᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠢᠭᠡᠨᠲᠡ 152.11 ᠲᠦᠮᠡᠨ ᠮᠥ ᠪᠥᠲᠥᠭᠡᠨ ᠪᠠᠶᠢᠭᠤᠯᠵᠤ᠂ 11968 ᠮᠠᠰᠢᠨ ᠴᠠᠬᠢᠯᠭᠠᠨ ᠤ ᠬᠤᠳᠳᠤᠭ ᠢ ᠪᠠᠶᠢᠭᠤᠯᠵᠤ᠂ ᠲᠠᠷᠢᠶᠠᠨ ᠭᠠᠵᠠᠷ ᠤᠨ ᠪᠥᠬᠦ ᠲᠠᠯᠠᠪᠠᠶ ᠶᠢᠨ 44% ᠶᠢ ᠡᠵᠡᠯᠡᠪᠡ᠃ 2023 ᠣᠨ ᠳᠤ 19 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ᠂ ᠶᠡᠷᠦᠩᠬᠡᠶ ᠪᠠᠯᠠ ᠮᠥᠩᠭᠦ ᠨᠢ 3.07 ᠳ᠋ᠦᠩᠰᠢᠭᠤᠷ ᠲᠥᠭᠦᠷᠢᠭ ᠪᠠᠶᠢᠵᠤ᠂ 3 ᠰᠠᠷ᠎ᠠ ᠳᠤ ᠢᠯᠡ ᠪᠠᠷ ᠳᠠᠭᠠᠭᠠᠴᠢᠯᠠᠯᠲᠠ ᠵᠠᠷᠯᠠᠬᠤ ᠪᠠᠷ ᠪᠣᠶ᠃    ᠭᠤᠷᠪᠠ ᠳᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠳ ᠢ ᠪᠥᠬᠦ ᠬᠦᠴᠦᠨ ᠢᠶᠠᠷ ᠢᠶᠠᠨ ᠨᠢᠭᠡᠨᠲᠡ 11 ᠬᠤᠭᠤᠴᠠᠭ᠎ᠠ ᠰᠢᠨ᠎ᠡ ᠮᠠᠶ᠋ᠢᠭ ᠤᠨ ᠮᠠᠯᠴᠢᠨ ᠲᠠᠷᠢᠶᠠᠴᠢᠨ ᠤ ᠪᠣᠯᠪᠠᠰᠤᠷᠠᠯ ᠤᠨ ᠠᠩᠭᠢ ᠡᠷᠭᠢᠯᠡᠵᠦ᠂ 3000 ᠭᠠᠷᠤᠶ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ ᠪᠣᠯᠪᠠᠰᠤᠷᠠᠭᠤᠯᠬᠤ ᠶᠢᠨ ᠬᠠᠮᠲᠤ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠴᠤᠭᠯᠠᠭ᠎ᠠ ᠡᠷᠭᠢᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠮᠡᠷᠭᠡᠵᠢᠯ ᠤᠨ ᠮᠠᠲ᠋ᠧᠷᠢᠶᠠᠯ ᠪᠠ ᠡᠯ᠎ᠡ ᠲᠥᠷᠥᠯ ᠤᠨ ᠮᠡᠳᠡᠭᠡ ᠵᠠᠩᠭᠢ ᠶᠢ 1000 ᠬᠤᠪᠢ ᠲᠠᠷᠬᠠᠭᠠᠵᠠᠶ᠃ ᠰᠢᠶᠠᠨ ᠰᠢᠶᠠᠩ ᠭᠠᠴᠠᠭ᠎ᠠ ᠭᠤᠷᠪᠠᠨ ᠱᠠᠲᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠭᠠᠨ ᠵᠢᠯᠤᠭᠤᠳᠤᠭᠴᠢ ᠶᠢ ᠵᠣᠬᠢᠶᠠᠨ ᠪᠠᠶᠢᠭᠤᠯᠵᠤ ᠰᠢᠶᠠᠩ ᠪᠠᠯᠭᠠᠰᠤ ᠠᠶᠢᠯ ᠲᠣᠰᠬᠤᠨ ᠳᠤ ᠭᠦᠨᠵᠡᠭᠡᠶᠢᠷᠡᠭᠦᠯᠦᠨ 550 ᠬᠥᠮᠦᠨ ᠤᠳᠠᠭ᠎ᠠ ᠶᠢᠨ ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ ᠦᠢᠯᠡᠳᠪᠦᠷᠢᠯᠡᠯ ᠢ ᠲᠤᠬᠠᠶ ᠶᠢᠨ ᠭᠠᠵᠠᠷ ᠲᠤᠨᠢ ᠵᠢᠭᠠᠨ ᠵᠢᠯᠤᠭᠤᠳᠪᠠ᠃    
 
ᠢᠷᠡᠯᠲᠡ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号