ᠵᠠᠰᠠᠭ ᠢ ᠴᠣᠮᠬᠠᠳᠬᠠᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠣᠳᠠᠲᠤ ᠶᠠᠪᠤᠳᠠᠯ ᠢ ᠪᠦᠲᠦᠭᠡᠵᠦ ᠴᠢᠨᠠᠷ ᠰᠠᠶᠢᠲᠠᠢ ᠦᠢᠯᠡᠴᠢᠯᠡᠭᠡ ᠪᠠᠷ ᠠᠷᠠᠳ ᠤᠨ ᠵᠣᠪᠠᠨᠢᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2023/3/16
   ︽ᠣᠳᠣᠬᠠᠨ ᠳᠤ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠦᠨᠡᠮᠯᠡᠯ  ᠢ ᠭᠦᠢᠴᠡᠳᠬᠡᠬᠦ ᠳᠤ ᠡᠶᠢᠮᠦ ᠳᠥᠭᠦᠮ ᠭᠡᠵᠦ ᠪᠣᠳᠣᠵᠤ ᠣᠯᠣᠭᠰᠠᠨ ᠦᠭᠡᠢ᠂ ᠦᠳᠡ ᠶᠢᠨ ᠡᠮᠦᠨ᠎ᠡ ᠬᠢᠨᠠᠨ ᠪᠠᠶᠢᠴᠠᠭᠠᠭᠰᠠᠨ ᠮᠠᠲ᠋ᠧᠷᠢᠶᠠᠯ ᠢᠶᠠᠨ ᠲᠤᠰᠢᠶᠠᠭᠰᠠᠨ ᠠᠴᠠ ᠦᠳᠡ ᠶᠢᠨ ᠬᠤᠶᠢᠨ᠎ᠠ ᠡᠯᠧᠺᠳ᠋ᠷᠣᠨ ᠭᠡᠷᠡᠴᠢ ᠦᠨᠡᠮᠯᠡᠯ ᠢ ᠰᠢᠭᠤᠳ ᠭᠠᠷ ᠤᠲᠠᠰᠤᠨ ᠳᠤ ᠳᠠᠮᠵᠢᠭᠤᠯᠵᠤ᠂ ᠨᠢᠭᠡ ᠤᠳᠠᠭ᠎ᠠ ᠭᠦᠶᠦᠭᠰᠡᠭᠡᠷ ᠶᠡᠭᠡ ᠠᠰᠠᠭᠤᠳᠠᠯ ᠢ ᠰᠢᠢᠳᠪᠦᠷᠢᠯᠡᠴᠢᠬᠡᠵᠡᠢ᠂ ᠡᠨᠡ ᠨᠢ ᠦᠨᠡᠬᠡᠷ ᠪᠢᠳᠡᠨ ᠢ ᠴᠠᠭ ᠪᠠ ᠬᠦᠴᠦ ᠶᠢ ᠠᠷᠪᠢᠯᠠᠬᠤ ᠶᠢᠨ ᠬᠠᠮᠲᠤ ᠰᠠᠨᠠᠭ᠎ᠠ ᠠᠮᠤᠷ ᠪᠣᠯᠭᠠᠭᠰᠠᠨ ᠪᠠᠶᠢᠨ᠎ᠠ︕︾ ᠣᠶᠢᠷ᠎ᠠ ᠳᠤ᠂ ᠪᠠᠶᠠᠨᠬᠤᠰᠢᠭᠤ ᠪᠠᠯᠭᠠᠰᠤᠨ ᠤ ᠬᠥᠬᠡᠬᠤᠲᠠ ᠶᠢᠨ ᠭᠡᠷ ᠣᠷᠣᠨ ᠤ ᠪᠠᠷᠢᠯᠭ᠎ᠠ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠶᠢᠨ ᠭᠦᠸᠧ ᠵᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠴᠣᠩᠬᠤᠨ ᠳᠤ ᠬᠦᠷᠴᠦ ᠬᠠᠮᠢᠶ᠎ᠠ ᠪᠦᠬᠦᠢ ᠭᠠᠷ ᠭᠦᠢᠴᠡᠳᠬᠡᠯ ᠢ ᠭᠦᠢᠴᠡᠳᠬᠡᠬᠦ ᠳᠡᠭᠡᠨ ᠪᠠᠶᠠᠷᠲᠠᠢ ᠪᠠᠷ ᠬᠡᠯᠡᠪᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠢ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾  ᠶᠢ ᠪᠡᠶᠡᠯᠡᠭᠦᠯᠵᠦ᠂ ᠠᠵᠤ ᠠᠬᠤᠶᠢᠯᠠᠯ ᠤᠳ ᠰᠦᠯᠵᠢᠶ᠎ᠡ ᠪᠠᠷ ᠳᠠᠮᠵᠢᠭᠤᠯᠤᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠥᠨᠳᠥᠷ ᠪᠦᠲᠦᠮᠵᠢᠲᠡᠶ ᠲᠦᠷᠭᠡᠨ ᠭᠦᠢᠴᠡᠳᠬᠡᠵᠦ᠂ ︽ᠲᠤᠭ᠎ᠠ ᠪᠠᠷᠢᠮᠲᠠ ᠶᠢ ᠭᠦᠶᠦᠯᠭᠡᠬᠦ︾ ᠶᠢ ᠦᠨᠡᠨ ᠬᠦ ᠪᠡᠶᠡᠯᠡᠭᠦᠯᠵᠦ᠂ ᠠᠵᠤ ᠠᠬᠤᠶᠢᠯᠠᠯ ᠳᠤ ᠨᠠᠩ ᠰᠠᠶᠢᠨ ᠦᠢᠯᠡᠴᠢᠯᠡᠨ᠎ᠡ᠃ ᠡᠭᠦᠨ ᠤ ᠬᠠᠮᠲᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠳᠥᠭᠦᠮ ᠳᠥᠲᠡ ᠪᠠ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠵᠤ ᠰᠠᠭᠤᠭᠠᠳ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠡᠷᠡᠭ ᠡᠷᠬᠢᠯᠡᠬᠦ ᠦᠢᠯᠡᠴᠢᠯᠡᠭᠡᠨ ᠤ ᠴᠣᠩᠬᠤ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠲᠣᠭᠤᠷᠢᠭ ᠢ ᠪᠦᠷᠢᠯᠳᠦᠭᠦᠯᠵᠦ᠂ ᠡᠯ᠎ᠡ ᠰᠠᠯᠠᠭ᠎ᠠ ᠮᠥᠴᠢᠷ ᠤᠨ ᠬᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠲᠦᠷᠦᠯ ᠵᠦᠢᠯ ᠤᠨ ᠪᠦᠬᠦ ᠶᠠᠪᠤᠴᠠ ᠶᠢ ᠬᠢᠨᠠᠨ ᠵᠥᠪᠰᠢᠶᠡᠷᠡᠬᠦ ᠶᠢ ᠰᠢᠯᠢᠳᠡᠭᠵᠢᠭᠦᠯᠬᠦ ᠪᠠ ᠮᠥᠷᠳᠡᠨ ᠦᠢᠯᠡᠴᠢᠯᠡᠬᠦ ᠶᠢ ᠠᠬᠢᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠳᠤ ︽ᠨᠢᠭᠡ ᠦᠷᠳᠡᠭᠡᠯᠢᠭ ᠬᠡᠯᠪᠡᠷᠢ︾ ᠶᠢᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ︽ᠨᠢᠭᠡ ᠯᠡ ᠡᠭᠦᠳᠡ ᠪᠠᠷ ᠣᠷᠣᠬᠤ︾ ᠶᠢ ᠪᠡᠶᠡᠯᠡᠭᠦᠯᠪᠡᠯ ᠳᠠᠷᠤᠢ ᠪᠦᠬᠦ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ ᠬᠦᠢᠴᠡᠳᠭᠡᠪᠡ᠃ ︽ᠣᠳᠣᠬᠠᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠨᠡᠶᠢᠲᠡ 7 ᠴᠣᠩᠬᠤ ᠭᠠᠷᠭᠠᠵᠤ᠂ 62 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠴᠥᠮ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠣᠷᠣᠭᠤᠯᠤᠨ ᠲᠥᠪᠯᠡᠷᠡᠭᠦᠯᠦᠨ ᠭᠦᠢᠴᠡᠳᠬᠡᠵᠦ᠂ ︿ᠭᠤᠷᠪᠠ ᠶᠢ ᠲᠥᠪᠯᠡᠷᠡᠭᠦᠯᠬᠦ﹀ ︿ᠭᠤᠷᠪᠠ ᠶᠢ ᠪᠣᠳᠠᠲᠠᠶᠢᠵᠢᠭᠤᠯᠬᠤ﹀ ᠶᠢ ᠪᠡᠶᠡᠯᠡᠭᠦᠯᠪᠡ᠃ ᠴᠢᠬᠤᠯᠠ ᠪᠤᠰᠤ ᠴᠢᠬᠤᠯᠠ ᠨᠥᠬᠦᠴᠡᠯ ᠤᠨ ᠮᠠᠲ᠋ᠧᠷᠢᠶᠠᠯ ᠢ ᠪᠦᠲᠦᠮᠵᠢᠲᠡᠶ ᠪᠠᠷ ᠪᠠᠭᠠᠰᠬᠠᠬᠤ ᠪᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠴᠣᠩᠬᠤᠨ ᠳᠤ ᠪᠠᠰᠠ ᠤᠷᠢᠳᠴᠢᠯᠠᠨ ᠪᠣᠯᠵᠣᠬᠤ ᠪᠠ ᠴᠠᠭ ᠢ ᠤᠷᠲᠤᠳᠬᠠᠬᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠳᠤ ᠠᠵᠢᠯ ᠶᠠᠪᠤᠳᠠᠯ ᠭᠦᠢᠴᠡᠳᠬᠡᠬᠦ ᠳᠤ ᠦᠢᠯᠡᠴᠢᠯᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ︾ ᠭᠡᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠢᠨᠠᠨ ᠵᠥᠪᠰᠢᠶᠡᠷᠡᠬᠦ ᠠᠯᠪᠠᠨ ᠭᠡᠷ ᠤᠨ ᠳᠡᠳ᠋ ᠡᠷᠬᠢᠯᠡᠭᠴᠢ ᠼᠤᠤ ᠵᠢᠶᠠᠨ ᠵᠢᠶᠠᠨ ᠬᠡᠯᠡᠵᠡᠢ᠃  
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号