ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠠᠰᠠᠪᠤᠷᠢ ᠣᠷᠣᠭᠤᠯᠬᠤ ᠡᠮ ᠤᠨ ᠦᠶ᠋ᠯᠡᠰ ᠤᠨ ᠬᠤᠳᠠᠯᠳᠤᠭᠠᠴᠢᠨ ᠤᠷᠢᠬᠤ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2023/3/16
      3 ᠰᠠᠷ᠎ᠠ ᠶᠢᠨ 13 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠠᠰᠠᠪᠤᠷᠢ ᠣᠷᠣᠭᠤᠯᠬᠤ ᠡᠮ ᠤᠨ ᠦᠶ᠋ᠯᠡᠰ ᠤᠨ ᠬᠤᠳᠠᠯᠳᠤᠭᠠᠴᠢᠨ ᠤᠷᠢᠬᠤ ᠶᠠᠷᠢᠯᠴᠠᠬᠤ ᠬᠤᠷᠠᠯ ᠬᠢᠵᠦ᠂ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠸᠠᠩ ᠮᠤᠩ᠂ ᠳᠡᠳ᠋ ᠬᠤᠰᠢᠭᠤᠨ ᠳᠠᠷᠤᠭ᠎ᠠ ᠸᠠᠩ ᡁᠢ ᠪᠢᠶᠤᠤ᠂ ᠵᠠᠰᠠᠪᠤᠷᠢ ᠣᠷᠣᠭᠤᠯᠬᠤ ᠡᠮ ᠤᠨ ᠦᠶ᠋ᠯᠡᠰ ᠤᠨ ᠪᠦᠯᠦᠭᠯᠡᠯ ᠤᠨ ᠳᠡᠳ᠋ ᠶᠡᠷᠦᠩᠬᠡᠶ ᠵᠠᠬᠢᠷᠤᠯ ᠵᠣᠣ ᠵᠧᠨ ᠰᠢᠶᠠᠩ᠂ ᠪᠦᠯᠦᠭᠯᠡᠯ ᠤᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃          ᠬᠤᠷᠠᠯ ᠳᠡᠭᠡᠷ᠎ᠡ᠂ ᠸᠠᠩ ᠯᠢ ᠳ᠋ᠦᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠨᠳᠦᠰᠦᠨ ᠪᠠᠶᠢᠳᠠᠯ ᠢ ᠨᠠᠷᠢᠨ ᠲᠠᠨᠢᠯᠴᠠᠭᠤᠯᠬᠤ ᠶᠢᠨ ᠬᠠᠮᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠨ ᠵᠤᠵᠠᠭᠠᠨ ᠬᠢᠲᠠᠳ ᠡᠪᠡᠰᠦᠨ ᠡᠮ ᠤᠨ ᠠᠵᠤ ᠦᠶ᠋ᠯᠡᠰ ᠤᠨ ᠡᠬᠢ ᠪᠠᠶᠠᠯᠢᠭ ᠬᠢᠭᠡᠳ ᠵᠠᠰᠠᠪᠤᠷᠢ ᠣᠷᠣᠭᠤᠯᠬᠤ ᠪᠦᠯᠦᠭᠯᠡᠯ ᠤᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠨᠢ ᠬᠠᠷᠢᠯᠴᠠᠨ ᠨᠥᠬᠦᠪᠥᠷᠢᠯᠡᠬᠦ ᠴᠢᠨᠠᠷ ᠢᠶᠠᠷ ᠮᠠᠰᠢ ᠴᠢᠩᠭ᠎ᠠ ᠪᠠᠶᠢᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠳᠠᠯᠳᠠ ᠬᠦᠴᠦᠨ ᠶᠡᠭᠡ᠂ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠲᠠᠳ ᠡᠪᠡᠰᠦᠨ ᠡᠮ ᠤᠨ ᠠᠵᠤ ᠦᠶ᠋ᠯᠡᠰ ᠤᠨ ᠴᠢᠨᠠᠷ ᠰᠠᠶᠢᠲᠠᠶ ᠬᠥᠭᠵᠢᠯᠲᠡ ᠶᠢ ᠭᠠᠷ ᠬᠤᠯᠪᠣᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃          ᠵᠤᠤ ᠵᠧᠨ ᠰᠢᠶᠠᠩ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ᠂ ᠠᠮᠢ ᠠᠬᠤᠢ ᠶᠢᠨ ᠣᠷᠴᠢᠨ ᠲᠣᠭᠤᠷᠢᠨ ᠰᠢᠯᠢᠳᠡᠭ ᠰᠠᠶᠢᠨ ᠪᠠᠶᠢᠨ᠎ᠠ᠂ ᠵᠠᠰᠠᠪᠤᠷᠢ ᠣᠷᠣᠭᠤᠯᠬᠤ ᠪᠦᠯᠦᠭᠯᠡᠯ ᠨᠢ ᠡᠮᠦᠨᠡᠳᠦ ᠬᠤᠰᠢᠭᠤ ᠯᠤᠭ᠎ᠠ ᠬᠠᠮᠲᠤᠷᠠᠯᠴᠠᠨ ᠬᠥᠭᠵᠢᠬᠦ ᠶᠢ ᠳᠡᠭᠡᠳᠦ ᠬᠡᠮᠵᠢ᠊ ᠡᠶ᠎ᠡ ᠪᠠᠷ ᠴᠢᠬᠤᠯᠠᠴᠢᠯᠠᠵᠤ᠂ ᠳᠠᠷᠠᠭᠠᠴᠢ ᠶᠢᠨ ᠠᠯᠬᠤᠮ ᠳᠤ᠂ ᠪᠦᠯᠦᠭᠯᠡᠯ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠪᠦᠯᠦᠭᠯᠡᠯ ᠤᠨ ᠮᠡᠷᠭᠡᠵᠢᠯ᠂ ᠪᠡᠯᠡ ᠮᠥᠩᠭᠦ᠂ ᠵᠠᠬ᠎ᠠ ᠳᠡᠯᠭᠡᠭᠦᠷ ᠵᠡᠷᠭᠡ ᠲᠠᠯ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠡᠬᠢ ᠪᠠᠶᠠᠯᠢᠭ ᠢᠶᠠᠨ ᠨᠡᠶᠢᠳᠬᠡᠵᠦ᠂ ᠬᠥᠭᠵᠢᠯᠲᠡ ᠶᠢ ᠬᠠᠮᠲᠤᠪᠠᠷ ᠰᠦᠪᠡᠭᠴᠢᠯᠡᠨ᠎ᠡ ᠭᠡᠵᠦ ᠬᠡᠯᠡᠪᠡ᠃    ᠬᠤᠷᠠᠯ ᠳᠤ ᠣᠷᠣᠯᠴᠠᠭᠰᠠᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠬᠠᠭᠤᠯᠭ᠎ᠠ ᠶᠢᠨ ᠹᠢᠯᠢᠮ ᠢ ᠬᠠᠮᠲᠤᠪᠠᠷ ᠰᠣᠨᠢᠷᠬᠠᠪᠠ᠃    
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号