ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠵᠢᠨ‌‍ᠹᠧᠩ ᠠᠯᠤᠰ ᠬᠡᠲᠦ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠲᠠᠢ ᠠᠭᠤᠯᠵᠠᠵᠤ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠠᠬᠢᠴᠠ ᠶᠢ ᠲᠦᠷᠭᠡᠳᠬᠡᠨ ᠠᠬᠢᠭᠤᠯᠪᠠ
ᠨᠡᠶᠢᠲᠡᠯᠡᠭᠰᠡᠨ ᠴᠠᠭ᠄
2023/3/16
    ᠰᠢᠨ᠎ᠡ ᠡᠨᠧᠷᠭᠢ ᠶᠢᠨ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠶᠢᠨ  ᠹᠧᠩ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠠᠯᠤᠰ ᠬᠡᠲᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠶᠠᠷ ᠺᠣᠮᠫᠠᠨᠢ ᠶᠢᠨ ᠲᠥᠷᠥᠯ  ᠵᠦᠢᠯ ᠤᠨ ᠬᠠᠷᠢᠭᠤᠴᠠᠯᠭᠠᠲᠠᠨ ᠲᠠᠢ ᠠᠭᠤᠯᠵᠠᠪᠠ᠃    ᠴᠢ ᠯᠢᠨ ᠬᠤᠶᠠᠷ ᠺᠣᠮᠫᠠᠨᠢ ᠶᠢᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠭᠦᠨ ᠤ ᠬᠠᠮᠲᠤ ᠲᠦᠷᠦᠯ ᠵᠦᠢᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠪᠣᠳᠠᠲᠠᠢ ᠰᠢᠢᠳᠪᠦᠷᠢᠯᠡᠬᠦ ᠲᠥᠰᠦᠯ ᠪᠣᠯᠤᠨ ᠵᠢᠯᠣᠭᠤᠳᠬᠤ ᠴᠢᠨᠠᠷᠲᠠᠢ ᠰᠠᠨᠠᠯ ᠳᠤᠷᠠᠳᠴᠤ᠂ ᠬᠤᠶᠠᠷ ᠺᠣᠮᠫᠠᠨᠢ ᠶᠢ ᠠᠯᠢᠪᠠ ᠬᠦᠴᠢᠷᠳᠡᠯ ᠢ ᠢᠯᠠᠨ ᠳᠠᠪᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠪᠠᠨ ᠪᠦᠬᠦ ᠬᠦᠴᠦᠨ ᠢᠶᠠᠷ ᠢᠶᠠᠨ ᠲᠦᠷᠭᠡᠳᠬᠡᠬᠦ ᠶᠢ ᠱᠠᠭᠠᠷᠳᠠᠵᠤ᠂ ᠵᠠᠯᠠᠶᠢᠳ ᠬᠤᠰᠢᠭᠤᠨ ᠤ ᠬᠢᠨ ᠪᠦᠬᠦ ᠲᠠᠯ᠎ᠠ ᠶᠢᠨ ᠦᠢᠯᠡᠴᠢᠯᠡᠭᠡ ᠪᠣᠯᠤᠨ ᠳᠡᠮᠵᠢᠯᠭᠡ ᠬᠠᠩᠭᠠᠵᠤ᠂ ᠲᠦᠷᠦᠯ ᠵᠦᠢᠯ ᠤᠨ ᠡᠷᠲᠡ ᠠᠴᠠ ᠠᠵᠢᠯ ᠡᠬᠢᠯᠡᠭᠦᠯᠵᠦ᠂ ᠡᠷᠲᠡ ᠠᠴᠠ ᠠᠰᠢᠭᠯᠠᠯᠲᠠ ᠳᠤ ᠣᠷᠣᠭᠤᠯᠵᠤ᠂ ᠡᠷᠲᠡ ᠠᠴᠠ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号