3 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠸᠠᠩ ᠰᠢᠶᠤᠤ ᠬᠤᠸᠠᠨ ᠲᠢᠶᠠᠨ ᠤᠤᠢ ᠪᠠᠯᠭᠠᠰᠤᠨ ᠤ ᠢᠯᠴᠢ ᠬᠠᠩᠭᠠᠬᠤ MALL ᠲᠠᠷᠢᠶᠠᠯᠠᠩ ᠤᠨ | ᠵᠢᠭᠤᠯᠴᠢᠯᠠᠯ ᠤᠨ ᠴᠡᠴᠡᠷᠯᠢᠭ ᠤᠨ ᠲᠥᠷᠥᠯ ᠵᠦᠢᠯ ᠵᠡᠷᠭᠡ ᠭᠠᠵᠠᠷ ᠢᠶᠠᠷ ᠭᠦᠨᠵᠡᠭᠡᠶᠢᠷᠡᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠠᠮᠢᠶ᠎ᠠ ᠪᠥᠬᠦᠶ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠨ ᠰᠣᠯᠢᠯᠴᠠᠪᠠ᠃ | ᠸᠠᠩ ᠰᠢᠶᠤᠤ ᠬᠤᠸᠠᠨ ᠵᠢᠭᠠᠵᠤ ᠭᠠᠷᠭᠠᠭᠰᠠᠨ ᠨᠢ᠂ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠭᠦᠢᠴᠡᠳ | ᠪᠠᠳᠠᠷᠠᠭᠤᠯᠵᠤ᠂ ᠪᠠᠯᠠ ᠮᠥᠩᠭᠦ ᠶᠢᠨ ᠪᠣᠳᠠᠲᠤ ᠬᠦᠴᠦᠨ ᠢᠶᠠᠷ ᠴᠢᠩᠭ᠎ᠠ᠂ ᠵᠠᠬ᠎ᠠ ᠳᠡᠯᠭᠡᠭᠦᠷ ᠤᠨ ᠠᠵᠢᠯᠯᠠᠭᠠᠨ ᠤ ᠬᠢᠷᠢ | ᠬᠡᠮᠵᠢᠶ᠎ᠡ ᠪᠠᠷ ᠥᠨᠳᠥᠷ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠢ ᠣᠷᠣᠭᠤᠯᠤᠨ ᠠᠪᠴᠢᠷᠠᠵᠤ᠂ | ᠡᠯᠪᠡᠭ ᠪᠠᠶᠠᠯᠢᠭ ᠡᠬᠢ ᠪᠠᠶᠠᠯᠢᠭ ᠤᠨ ᠳᠠᠪᠠᠭᠤᠯᠢᠭ ᠢᠶᠠᠨ ᠠᠵᠤ ᠦᠢᠯᠡᠰᠤᠨ ᠳᠠᠪᠠᠭᠤᠯᠢᠭ᠂ ᠬᠥᠭᠵᠢᠯᠲᠡ ᠶᠢᠨ | ᠳᠠᠪᠠᠭᠤᠯᠢᠭ ᠪᠣᠯᠭᠠᠨ ᠬᠤᠪᠢᠷᠠᠭᠤᠯᠬᠤ ᠶᠢ ᠲᠦᠷᠭᠡᠳᠬᠡᠨ᠂ ᠠᠵᠤ ᠦᠢᠯᠡᠰ᠂ ᠦᠵᠡᠮᠵᠢ ᠶᠢᠨ ᠣᠷᠣᠨ ᠤ | ᠠᠭᠤᠯᠤᠭᠳᠠᠬᠤᠨ ᠪᠠ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠵᠦ᠂ ᠲᠥᠷᠥᠯ ᠵᠦᠢᠯ ᠢᠶᠠᠷ ᠦᠭᠡ | ᠶᠠᠷᠢᠵᠤ᠂ ᠦᠷ᠎ᠡ ᠪᠦᠲᠦᠭᠡᠯ ᠢᠶᠠᠷ ᠢᠶᠠᠨ ᠲᠠᠩᠰᠠ ᠲᠤᠰᠢᠶᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠶᠠᠳᠠᠭᠤ ᠶᠢ | ᠲᠡᠳᠬᠦᠬᠦ ᠡᠳ᠋ ᠬᠦᠷᠦᠩᠭᠡ ᠶᠢ ᠲᠣᠳᠣᠷᠬᠠᠶᠢᠯᠠᠨ ᠪᠠᠶᠢᠴᠠᠭᠠᠬᠤ ᠠᠵᠠ ᠲᠣᠬᠢᠶᠠᠯ ᠢ ᠠᠰᠢᠭᠯᠠᠵᠤ᠂ ᠪᠠᠶᠢᠳᠠᠯ ᠢ | ᠣᠶᠢᠯᠠᠭᠠᠵᠤ᠂ ᠠᠵᠢᠯ ᠤᠨ ᠰᠡᠳᠬᠢᠴᠡ ᠪᠠᠨ ᠰᠢᠨᠡᠴᠢᠯᠡᠵᠦ᠂ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠡᠳ᠋ | ᠬᠦᠷᠦᠩᠭᠡ ᠶᠢ ᠭᠦᠢᠴᠡᠳ ᠠᠮᠢᠳᠤᠯᠢᠭᠵᠢᠭᠤᠯᠤᠨ ᠠᠰᠢᠭᠯᠠᠵᠤ᠂ ᠦᠷ᠎ᠡ ᠠᠰᠢᠭ ᠢᠶᠠᠷ ᠳᠣᠣᠷ᠎ᠠ ᠰᠤᠯᠠ ᠲᠠᠯᠪᠢᠭᠳᠠᠵᠤ | ᠪᠠᠶᠢᠭ᠎ᠠ ᠡᠳ᠋ ᠬᠦᠷᠦᠩᠭᠡ ᠶᠢᠨ ᠡᠬᠢ ᠪᠠᠶᠠᠯᠢᠭ ᠲᠤ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠴᠢᠨᠠᠷ ᠰᠠᠶᠢᠲᠠᠢ | ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠳᠤ ᠨᠡᠩ ᠤᠯᠠᠨ ᠣᠷᠣᠨ ᠵᠠᠢ ᠭᠠᠷᠭᠠᠵᠤ᠂ ᠨᠡᠩ | ᠤᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠵᠤ ᠦᠢᠯᠡᠰ ᠢ ᠪᠤᠶᠢᠵᠢᠭᠤᠯᠬᠤ ᠬᠡᠷᠡᠭᠲᠡᠢ᠃ | ᠲᠤᠰ ᠪᠡᠶ᠎ᠡ ᠶᠢᠨ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠠᠮᠢ ᠠᠬᠤᠢ᠂ ᠰᠣᠶᠣᠯ ᠢᠷᠭᠡᠨᠰᠢᠯ᠂ | ᠣᠷᠣᠨ ᠪᠠᠶᠢᠷᠢ ᠶᠢᠨ ᠵᠤᠭᠠᠴᠠᠯ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠬᠢᠯᠢ ᠶᠢᠨ ᠪᠣᠭᠤᠮᠲᠠ᠂ | ᠦᠵᠡᠮᠵᠢ ᠶᠢᠨ ᠣᠷᠣᠨ ᠭᠡᠬᠦ ᠬᠤᠶᠠᠷ ᠫᠠᠶᠢᠰᠠ ᠶᠢ ᠰᠠᠶᠢᠲᠤᠷ ᠪᠤᠰᠬᠠᠵᠤ᠂ ᠰᠣᠶᠣᠯ ᠵᠤᠭᠠᠴᠠᠯ ᠢ ᠠᠭᠤᠰᠤᠯᠴᠠᠭᠤᠯᠬᠤ᠂ | ᠲᠠᠷᠢᠶᠠᠯᠠᠩ ᠵᠤᠭᠠᠴᠠᠯ ᠢ ᠠᠭᠤᠰᠤᠯᠴᠠᠭᠤᠯᠬᠤ ᠠᠵᠢᠯ ᠢ ᠰᠠᠶᠢᠲᠤᠷ ᠬᠢᠵᠦ᠂ ᠤᠨᠴᠠᠯᠢᠬᠳᠤ ᠵᠤᠭᠠᠴᠠᠯ ᠤᠨ ᠲᠦᠷᠦᠯ | ᠵᠦᠢᠯ ᠢ ᠨᠠᠷᠢᠨ ᠨᠢᠮᠪᠠᠢ ᠴᠣᠭᠴᠠᠯᠠᠵᠤ᠂ ᠠᠯᠳᠠᠷᠰᠢᠯ ᠪᠠ ᠠᠯᠳᠠᠷᠰᠢᠯ ᠤᠨ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ ᠭᠡᠪᠡ᠃ | |