ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠬᠤ ᠳᠤ ᠪᠠᠳᠤᠯᠠᠭ᠎ᠠ ᠬᠠᠩᠭᠠᠵᠦ ᠪᠤᠢ
ᠨᠡᠶᠢᠲᠡᠯᠡᠭᠰᠡᠨ ᠴᠠᠭ᠄
2023/3/16
    ᠣᠳᠣᠬᠠᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠷᠣᠯᠠᠭᠤᠯᠭ᠎ᠠ ᠶᠢᠨ ᠬᠥᠭᠵᠢᠶᠡᠨ ᠲᠠᠢ ᠤᠯᠠᠷᠢᠯ ᠪᠣᠯᠵᠤ ᠪᠠᠶᠢᠨ᠎ᠠ᠂ ᠣᠶᠢᠷ᠎ᠠ ᠶᠢᠨ ᠡᠳᠦᠷ ᠤᠳ ᠲᠤ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠴᠡᠪᠡᠷᠰᠢᠭᠦᠯᠵᠦ᠂ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠬᠤ ᠪᠠᠷ ᠡᠬᠢᠯᠡᠯᠲᠡ ᠪᠣᠯᠭᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠷᠡᠭᠰᠡᠯ ᠤᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠤᠨ ᠡᠵᠡᠩᠨᠡᠵᠦ ᠪᠠᠶᠢᠭ᠎ᠠ ᠲᠠᠷᠢᠶᠠᠨ ᠡᠮ᠂ ᠬᠢᠮᠢ ᠶᠢᠨ ᠪᠣᠷᠳᠣᠭᠤᠷ᠂ ᠦᠷ᠎ᠡ ᠵᠡᠷᠭᠡ ᠬᠠᠪᠤᠷ ᠤᠨ ᠲᠠᠷᠢᠶᠠᠯᠠᠭ᠎ᠠ ᠶᠢᠨ ᠬᠡᠷᠡᠭᠰᠡᠯ ᠳᠤ ᠲᠥᠪᠯᠡᠷᠡᠩᠭᠦᠶ ᠪᠠᠶᠢᠴᠠᠭᠠᠯᠲᠠ ᠬᠢᠵᠦ᠂ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠰᠠᠨᠠᠭ᠎ᠠ ᠠᠮᠤᠷ ᠲᠠᠷᠢᠶᠠᠯᠠᠩ ᠤᠨ ᠦᠢᠯᠡᠳᠪᠦᠷᠢᠯᠡᠯ ᠤᠨ ᠵᠢᠷᠤᠭ ᠪᠣᠯ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠣᠷᠴᠢᠨ ᠲᠣᠭᠤᠷᠢᠨ ᠤ ᠢᠳᠡᠭᠡᠨ ᠡᠮ ᠤᠨ ᠵᠦᠢᠯᠡᠰ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠡᠯᠭᠡᠭᠦᠷ ᠢ ᠪᠠᠶᠢᠴᠠᠭᠠᠪᠠ᠃    ᠰᠤᠷᠪᠤᠯᠵᠢᠯᠠᠭᠴᠢ ᠢᠦᠢ ᠲᠢᠶᠠᠨ ᠢᠦᠢ ᠰᠡᠭᠦᠳᠡᠷᠯᠡᠪᠡ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号