ᠬᠢᠩᠭᠠᠨ ᠠᠶᠢᠮᠠᠭ ᠬᠢᠭᠡᠳ ᠱᠠᠨᠳᠦ᠋ᠩ ᠮᠤᠵᠢ ᠶᠢᠨ ᠱᠸᠦ ᠭᠤᠸᠠᠩ ᠬᠤᠲᠠ ᠶᠢᠨ ᠭᠤᠤ ᠰᠢᠨ ᠵᠢᠮᠢᠰ ᠢᠳᠡᠰᠢᠨ ᠨᠣᠭᠤᠭᠠᠨ ᠤ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2023/3/16
   ᠨᠠᠮ ᠤᠨ ᠬᠤᠷᠢᠳᠤᠭᠠᠷ ᠶᠡᠭᠡ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ‌‍ᠲ᠋ᠤᠭᠤᠰᠢᠯᠠᠭᠤᠯᠤᠨ᠂ ᠲᠣᠮᠣ ᠢᠳᠡᠭᠡᠨ ᠤ  ᠵᠦᠢᠯ ᠤᠨ ᠦᠵᠡᠯᠲᠡ ᠶᠢ ᠪᠠᠲᠤ ᠪᠠᠬᠢ ᠪᠣᠶ ᠪᠣᠯᠭᠠᠵᠤ ᠂ ᠣᠯᠠᠨ ᠡᠰᠢᠵᠢᠭᠰᠡᠨ ᠢᠳᠡᠭᠡᠨ ᠤ  ᠵᠦᠢᠯ ᠤᠨ ᠬᠠᠩᠭᠠᠯᠭ᠎ᠠ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠮᠠᠨ ᠤ ᠠᠶᠢᠮᠠᠭ ᠤᠨ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠪᠠ ᠢᠳᠡᠰᠢᠨ ᠨᠣᠭᠤᠭᠠᠨ ᠤ ᠠᠵᠤ  ᠦᠢᠯᠡᠰ  ᠤᠨ ᠬᠥᠭᠵᠢᠯᠲᠡ ᠶᠢ ᠶᠡᠬᠡᠪᠡᠷ ᠳᠥᠯᠭᠢᠨ ᠠᠬᠢᠭᠤᠯᠬᠤ ᠶᠢᠨ ᠲᠤᠰᠠᠳᠠ᠂ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠶᠢ ᠰᠢᠯᠢᠳᠡᠭᠵᠢᠭᠦᠯᠦᠨ᠂ ᠠᠮᠤ ᠪᠤᠳᠠᠭᠠᠨ ᠤ ᠬᠥᠮᠥᠷᠭᠡ᠂ ᠢᠳᠡᠰᠢᠨ ᠨᠣᠭᠤᠭᠠᠨ ᠤ ᠰᠠᠭᠰᠤ ᠪᠠ ᠵᠢᠮᠢᠰ ᠤᠨ ᠲᠠᠪᠠᠭ ᠢ ᠪᠠᠶᠠᠯᠢᠭᠵᠢᠭᠤᠯᠤᠨ᠎ᠠ᠃ 3 ᠳ᠋ᠤᠭᠠᠷ ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠱᠠᠨᠳᠦ᠋ᠩ ᠤᠨ ᠱᠸᠤ ᠭᠤᠸᠠᠩ ᠭᠤᠤ ᠰᠢᠨ ᠵᠢᠮᠢᠰ ᠢᠳᠡᠰᠢᠨ ᠨᠣᠭᠤᠭᠠᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ  ᠮᠧᠩ ᠯᠢᠩ ᠰᠢᠨ ᠨᠡᠷ ᠢ ᠤᠷᠢᠵᠤ ᠬᠢᠩᠭᠠᠨ ᠠᠶᠢᠮᠠᠭ ᠲᠤ ᠬᠦᠷᠴᠦ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠪᠠ ᠢᠳᠡᠰᠢᠨ ᠨᠣᠭᠤᠭᠠᠨ ᠤ ᠠᠵᠤ  ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠲᠡᠷᠢᠭᠦᠨ ᠤ ᠮᠡᠷᠭᠡᠵᠢᠯ ᠤᠨ ᠲᠤᠷᠰᠢᠯᠭ᠎ᠠ ᠶᠢ ᠠᠪᠴᠢᠷᠠᠨ᠂ ᠬᠢᠩᠭᠠᠨ ᠠᠶᠢᠮᠠᠭ ᠤᠨ ᠪᠡᠯᠡᠳᠭᠡᠮᠵᠢᠳᠤ ᠲᠠᠷᠢᠶᠠᠯᠠᠩ ᠪᠠ ᠢᠳᠡᠰᠢᠨ ᠨᠣᠭᠤᠭᠠᠨ ᠤ ᠠᠵᠤ  ᠦᠢᠯᠡᠰ ᠤᠨ ᠲᠠᠰ ᠳᠡᠪᠰᠢᠬᠦ ᠳᠤ ᠬᠤᠪᠢ ᠨᠡᠮᠡᠷᠢ ᠦᠵᠡᠭᠦᠯᠪᠡ᠃    ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠤᠯᠠᠭᠠᠨᠬᠤᠲᠠ ᠶᠢᠨ  ᠢᠯᠡᠯᠳᠡ ᠪᠠᠯᠭᠠᠰᠤ᠂ ᠤᠯᠠᠭᠠᠨᠬᠠᠳᠠ ᠪᠠᠯᠭᠠᠰᠤ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ ᠬᠦᠯᠡᠮᠵᠢ ᠶᠢᠨ ᠠᠰᠢᠭᠯᠠᠯᠲᠠ ᠶᠢᠨ ᠪᠠᠶᠢᠳᠠᠯ᠂ ᠦᠢᠯᠡᠳᠪᠦᠷᠢᠯᠡᠯ ᠤᠨ  ᠬᠡᠪᠴᠢᠶ᠎ᠡ᠂ ᠡᠵᠡᠩᠨᠡᠯᠲᠡ ᠶᠢᠨ ᠥᠪᠡᠷ ᠤᠨ ᠦᠷᠳᠡᠭ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠲᠠᠷᠢᠶᠠᠴᠢᠳ ᠤᠨ ᠠᠰᠢᠭ ᠣᠷᠣᠯᠭ᠎ᠠ᠂ ᠮᠡᠷᠭᠡᠵᠢᠯ ᠤᠨ ᠬᠡᠷᠡᠭᠴᠡᠭᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ ᠤᠳᠤ ᠪᠠᠶᠢᠭ᠎ᠠ ᠢᠳᠡᠰᠢᠨ ᠨᠣᠭᠤᠭ᠎ᠠ ᠶᠢᠨ ᠬᠦᠯᠡᠮᠵᠢ ᠪᠠ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ᠂ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠡᠵᠡᠩᠨᠡᠯᠲᠡ ᠬᠠᠮᠢᠶᠠᠷᠤᠯᠲᠠ᠂ ᠲᠦᠷᠦᠯ ᠲᠡᠮᠳᠡᠭ ᠢ ᠪᠤᠶᠢᠵᠢᠭᠤᠯᠤᠨ ᠡᠭᠦᠳᠬᠦ ᠵᠡᠷᠭᠡ ᠲᠠᠯ᠎ᠠ ᠶᠢᠨ ᠠᠰᠠᠭᠤᠳᠠᠯ ᠳᠤ ᠰᠠᠨᠠᠭᠤᠯᠭ᠎ᠠ ᠪᠠ ᠵᠢᠯᠤᠭᠤᠳᠤᠯᠭ᠎ᠠ ᠳᠤᠷᠠᠳᠪᠠ᠃    ᠰᠢᠨᠵᠢᠯᠡᠨ ᠪᠠᠶᠢᠴᠠᠭᠠᠭᠰᠠᠨ ᠤ ᠳᠠᠷᠠᠭ᠎ᠠ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠣᠯᠤᠨ ᠭᠤᠣ ᠰᠢᠨ ᠵᠢᠮᠢᠰ ᠢᠳᠡᠰᠢᠨ ᠨᠣᠭᠤᠭ᠎ᠠ ᠶᠢᠨ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠤᠶᠠᠷ ᠲᠠᠯ᠎ᠠ ᠪᠠᠷ ᠢᠶᠠᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠲᠠᠷᠢᠮᠠᠯ ᠤᠨ ᠦᠢᠯᠡᠰ ᠢ ᠲᠥᠪᠯᠡᠷᠡᠭᠦᠯᠦᠨ ᠰᠤᠳᠤᠯᠵᠤ᠂ ᠭᠠᠷᠤᠯᠲᠠ ᠪᠠᠨ ᠨᠡᠮᠡᠭᠳᠡᠭᠦᠯᠬᠦ᠂ ᠣᠷᠣᠯᠭ᠎ᠠ ᠪᠠᠨ ᠨᠡᠮᠡᠭᠳᠡᠭᠦᠯᠬᠦ ᠶᠢ ᠨᠢᠭᠡ ᠴᠤᠭᠴᠠᠵᠢᠭᠤᠯᠤᠭᠰᠠᠨ ᠬᠢᠩᠭᠠᠨ ᠠᠶᠢᠮᠠᠭ ᠤᠨ ᠪᠡᠯᠡᠳᠬᠡᠮᠵᠢᠲᠦ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ᠂ ᠪᠡᠯᠡᠳᠬᠡᠮᠵᠢᠲᠦ ᠲᠠᠷᠢᠶᠠᠯᠠᠩ ᠤᠨ ᠲᠤᠰᠬᠠᠶ ᠮᠡᠷᠭᠡᠵᠢᠯ ᠤᠨ ᠠᠵᠢᠯᠲᠠᠨ ᠤ ᠡᠩᠨᠡᠭᠡ ᠪᠠ ᠳᠠᠭᠠᠭᠤᠯᠤᠭᠴᠢ ᠶᠢᠨ ᠬᠥᠮᠦᠵᠢᠭᠦᠯᠦᠯ ᠢ ᠴᠢᠩᠭᠠᠳᠬᠠᠵᠤ᠂ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠬᠤ ᠪᠠ ᠢᠳᠡᠰᠢᠨ ᠨᠣᠭᠤᠭ᠎ᠠ ᠶᠢᠨ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠶᠢᠨ ᠰᠢᠰᠲ᠋ᠧᠮᠵᠢ ᠶᠢ ᠰᠢᠨ᠎ᠡ ᠶᠢ ᠡᠭᠦᠳᠦᠨ ᠪᠠᠶᠢᠭᠤᠯᠬᠤ ᠵᠡᠷᠭᠡ ᠲᠠᠯ᠎ᠠ ᠪᠠᠷ ᠭᠦᠨᠵᠡᠭᠡᠶ ᠬᠠᠮᠲᠤᠷᠠᠯᠴᠠᠭ᠎ᠠ ᠥᠷᠨᠢᠭᠦᠯᠬᠦ ᠶᠢ ᠳᠥᠯᠭᠢᠨ ᠠᠬᠢᠭᠤᠯᠵᠤ᠂ ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠴᠢᠬᠢ ᠪᠤᠶᠢᠵᠢᠭᠤᠯᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠳᠠᠷᠢᠬᠤ᠂ ᠬᠠᠮᠢᠶᠠᠷᠬᠤ᠂ ᠡᠵᠡᠩᠨᠡᠬᠦ᠂ ᠪᠣᠷᠣᠯᠠᠭᠤᠯᠬᠤ᠂ ᠪᠣᠯᠪᠠᠰᠤᠷᠠᠭᠤᠯᠬᠤ᠂ ᠪᠠᠷᠢᠮᠵᠢᠶᠠᠵᠢᠭᠤᠯᠬᠤ ᠪᠦᠬᠦ ᠠᠵᠤ ᠦᠢᠯᠡᠰ ᠤᠨ ᠬᠡᠯᠬᠢᠶ᠎ᠡ ᠪᠠᠷ ᠭᠠᠳᠠᠭᠰᠢ ᠭᠠᠷᠭᠠᠬᠤ ᠣᠳᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢᠨ ᠵᠠᠭᠪᠤᠷ ᠢ ᠪᠡᠶᠡᠯᠡᠭᠦᠯᠦᠨ᠎ᠡ᠃ ︽ᠬᠢᠩᠭᠠᠨ ᠠᠶᠢᠮᠠᠭ ᠤᠨ ᠢᠳᠡᠰᠢᠨ ᠨᠣᠭᠤᠭ᠎ᠠ ᠶᠢᠨ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠶᠢᠨ ᠬᠡᠪ ᠵᠠᠭᠪᠤᠷ ᠢ ᠪᠣᠶ ᠪᠣᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠵᠤ᠂ ᠨᠥᠯᠥᠭᠡᠯᠡᠨ ᠳᠠᠶᠢᠴᠢᠯᠠᠬᠤ  ᠦᠢᠯᠡᠳᠦᠯ ᠢ ᠪᠠᠳᠠᠷᠠᠭᠤᠯᠤᠨ᠂ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠨᠡᠨᠬᠦ ᠠᠬᠢᠭᠤᠯᠵᠤ᠂ ᠲᠠᠷᠢᠶᠠᠴᠢᠨ ᠡᠷᠦᠬᠡ ᠶᠢᠨ ᠬᠤᠷᠰᠢᠨ ᠡᠵᠡᠩᠨᠡᠬᠦ᠂ ᠬᠠᠮᠲᠤ ᠪᠠᠷ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃  ᠬᠢᠩᠭᠠᠨ ᠠᠶᠢᠮᠠᠭ ᠤᠨ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠬᠢᠩᠭᠠᠨ ᠠᠶᠢᠮᠠᠭ ᠤᠨ ᠢᠳᠡᠰᠢᠨ ᠨᠣᠭᠤᠭ᠎ᠠ ᠶᠢᠨ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠶᠢᠨ ᠬᠡᠪ ᠵᠠᠭᠪᠤᠷ ᠢ ᠪᠣᠶ ᠪᠣᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠤᠨ᠎ᠠ ᠭᠡᠵᠦ ᠵᠢᠭᠠᠵᠤ ᠭᠠᠷᠭᠠᠪᠠ᠃  
 
ᠢᠷᠡᠯᠲᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号