ᠬᠢᠩᠭᠠᠨ ᠠᠶᠢᠮᠠᠭ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠡᠳ ᠪᠤᠴᠠᠵᠦ ᠢᠷᠡᠪᠡ
ᠨᠡᠶᠢᠲᠡᠯᠡᠭᠰᠡᠨ ᠴᠠᠭ᠄
2023/3/16
     ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠵᠥᠪᠯᠡᠬᠦ ᠵᠦᠢᠯ ᠤᠳ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠲᠠᠷᠠᠭ᠎ᠠ᠂ 3 ᠰᠠᠷ᠎ᠠ ᠶᠢᠨ 13 ᠤ ᠡᠳᠦᠷ ᠶᠡᠭᠡ ᠬᠤᠷᠠᠯ ᠤᠨ ᠬᠤᠭᠤᠴᠠᠭᠠᠨ ᠳᠤ᠂ ᠬᠢᠩᠭᠠᠨ ᠠᠶᠢᠮᠠᠭ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠬᠠᠮᠲᠤ᠂ ᠬᠢᠩᠭᠠᠨ ᠠᠶᠢᠮᠠᠭ ᠢ ᠶᠡᠬᠡᠪᠡᠷ ᠤᠬᠠᠭᠤᠯᠤᠨ ᠲᠠᠨᠢᠯᠴᠠᠭᠤᠯᠵᠤ᠂ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠦᠪᠰᠢᠨ ᠪᠣᠯᠤᠨ ᠬᠢᠩᠭᠠᠨ ᠠᠶᠢᠮᠠᠭ ᠤᠨ ᠰᠠᠶᠢᠨ ᠰᠠᠶᠢᠬᠠᠨ ᠲᠦᠷᠢ ᠲᠥᠷᠬᠦ ᠪᠠᠨ ᠭᠦᠢᠴᠡᠳ ᠢᠯᠡᠷᠡᠭᠦᠯᠪᠡ᠃    ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠡᠳ ᠪᠤᠴᠠᠵᠤ ᠢᠷᠡᠭᠰᠡᠨ ᠤ ᠲᠠᠷᠠᠭ᠎ᠠ᠂ ᠳᠡᠳᠡ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ ᠲᠤᠭᠤᠰᠢᠯᠠᠭᠤᠯᠵᠦ᠂ ᠲᠤᠬᠠᠶᠢᠯᠠᠭᠰᠠᠨ ᠠᠵᠢᠯ ᠤᠨ ᠪᠠᠶᠢᠷᠢ ᠪᠣᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠳᠦᠷᠰᠦ ᠪᠠᠶᠢᠳᠠᠯ ᠢ ᠪᠤᠢ ᠪᠣᠯᠭᠠᠵᠤ᠂ ᠪᠦᠬᠦ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃    ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠵᠠᠯᠠᠶᠢᠳ ᠬᠤᠰᠢᠭᠤᠨ ᠤ ᠤᠯᠠᠭᠠᠨᠮᠥ᠋ᠴᠢᠷ ᠤᠨ ᠳᠡᠳ᠋ ᠠᠩᠭᠢ ᠶᠢᠨ ᠳᠠᠷᠤᠭ᠎ᠠ  ᠾᠧ ᠮᠠᠶᠢᠯᠠᠰᠤ ᠬᠡᠯᠡᠬᠦ ᠳᠡᠭᠡᠨ᠂ ᠡᠨᠡ ᠵᠢᠯ ᠤᠨ ᠬᠤᠶᠠᠷ ᠬᠤᠷᠠᠯ ᠳᠤ ᠵᠣᠯ ᠢᠶᠠᠷ ᠣᠷᠣᠯᠴᠠᠭᠰᠠᠨ ᠨᠢ ᠥᠪᠡᠷ ᠤᠨ ᠪᠡᠶ᠎ᠡ ᠳᠡᠭᠡᠨ ᠨᠠᠩ ᠣᠯᠠᠨ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ ᠣᠯᠭᠤᠭᠰᠠᠨ ᠪᠠᠶᠢᠨ᠎ᠠ ᠭᠡᠵᠡᠶ᠃ ᠲᠡᠷᠡ᠂ ᠠᠵᠢᠯ ᠤᠨ ᠪᠠᠶᠢᠷᠢ ᠳᠠᠭᠠᠨ ᠪᠤᠴᠠᠭᠰᠠᠨ ᠤ ᠲᠠᠷᠠᠭ᠎ᠠ᠂ ᠠᠷᠠᠳ ᠲᠦᠮᠡᠨ ᠢ ᠴᠢᠩᠭ᠎ᠠ ᠲᠦᠰᠢᠭᠯᠡᠵᠦ᠂ ᠦᠨᠳᠦᠰᠦᠨ ᠱᠠᠲᠤᠨ ᠳᠤ ᠦᠨᠳᠦᠰᠦᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ︽ᠰᠣᠶᠣᠯ ᠤᠨ ᠦᠢᠯᠡᠰ ᠪᠣᠯᠤᠨ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠬᠦ︾ ᠪᠠᠷ ᠡᠭᠦᠷᠭᠡ ᠪᠠᠨ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠭᠤᠣᠯ ᠬᠦᠭ ᠠᠶᠠᠰ ᠢ ᠴᠢᠷᠮᠠᠶᠢᠨ ᠴᠤᠤᠷᠢᠶᠠᠲᠤᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠤᠪᠢᠰᠬᠠᠯᠲᠤ ᠤᠳᠬ᠎ᠠ ᠤᠷᠠᠯᠢᠭ ᠤᠨ ᠬᠦᠩᠬᠡᠨ ᠮᠣᠷᠢᠲᠤ ᠴᠡᠷᠢᠭ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠢᠯᠡᠳᠬᠡᠪᠡ    ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠵᠠᠯᠠᠶᠢᠳ ᠬᠤᠰᠢᠭᠤᠨ ᠤ ᠡᠤ ᠳ᠋ᠤᠤ ᠾᠧ ᠽᠢ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠳ᠋ᠦ᠋ ᠭᠠᠩ ᠬᠡᠯᠡᠬᠦ ᠳᠡᠭᠡᠨ᠂ ᠶᠡᠭᠡ ᠬᠤᠷᠠᠯ ᠲᠡᠭᠦᠰᠦᠭᠡᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ ᠪᠤᠴᠠᠵᠤ ᠢᠷᠡᠭᠰᠡᠨ ᠪᠣᠯᠪᠠᠴᠤ ᠰᠡᠳᠬᠢᠯ ᠳᠣᠭᠳᠣᠯᠤᠭᠰᠠᠨ ᠰᠡᠳᠬᠢᠯᠭᠡ ᠨᠢ ᠤᠳᠠᠲᠠᠯ᠎ᠠ ᠲᠣᠭᠲᠠᠭᠤᠨ ᠪᠠᠶᠢᠵᠤ ᠴᠢᠳᠠᠬᠤ ᠥᠬᠡᠶ ᠪᠠᠶᠢᠨ᠎ᠠ ᠭᠡᠵᠡᠶ᠃ ᠲᠡᠷᠡ᠂ ᠦᠨᠳᠦᠰᠦᠨ ᠱᠠᠲᠤᠨ ᠤ ᠲᠠᠷᠢᠶᠠᠴᠢᠨ ᠤ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ︽ᠬᠤᠷᠠᠯ ᠳᠤ ᠣᠷᠣᠯᠴᠠᠬᠤ ᠵᠠᠭᠪᠤᠷ︾ ᠠᠴᠠ ︽ᠠᠵᠢᠯᠯᠠᠭᠠᠨ ᠤ ᠵᠠᠭᠪᠤᠷ︾ ᠪᠣᠯᠭᠠᠨ ᠲᠦᠷᠭᠡᠨ ᠰᠣᠯᠢᠵᠤ᠂ ᠠᠵᠤ ᠦᠢᠯᠡᠰ ᠢ ᠯᠠᠪᠳᠠᠭᠤᠨ ᠪᠠᠲᠤᠲᠠᠢ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷ᠎ᠡ ᠬᠠᠲᠠᠭᠤᠵᠢᠯᠲᠠᠢ ᠠᠵᠢᠯᠯᠠᠵᠤ᠂ ᠪᠣᠳᠠᠲᠠᠢ ᠠᠵᠢᠯᠯᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠲᠤᠰᠢᠶᠠᠯ ᠢᠶᠠᠨ ᠰᠠᠶᠢᠲᠤᠷ ᠭᠦᠢᠴᠡᠳᠬᠡᠵᠦ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ ᠭᠡᠵᠦ ᠢᠯᠡᠳᠬᠡᠪᠡ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号