ᠪᠥᠬᠦ ᠠᠶᠢᠮᠠᠭ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢ ᠰᠢᠯᠭᠠᠨ ᠠᠪᠬᠤ ᠪᠠ ᠪᠠᠶᠢᠷᠢᠯᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/16
    3 ᠳ᠋ᠤᠭᠠᠷ ᠰᠠᠷ᠎ᠠ ᠶᠢᠨ 10 ᠤ ᠡᠳᠦᠷ᠂ ᠪᠥᠬᠦ ᠠᠶᠢᠮᠠᠭ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠰᠢᠯᠭᠠᠨ ᠬᠤᠷᠢᠶᠠᠵᠤ ᠪᠠᠶᠢᠷᠢᠯᠠᠭᠤᠯᠬᠤ ᠬᠤᠷᠠᠯ ᠬᠤᠷᠠᠯᠳᠤᠪᠠ ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠠᠶᠢᠮᠠᠭ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠬᠤᠩ ᠼᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠬᠤᠰᠢᠭᠤ ᠰᠢᠶᠠᠨ ᠬᠤᠲᠠ ᠳᠤ ᠬᠤᠷᠠᠯᠳᠤᠭᠤᠯᠪᠠ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠷᠰᠢᠯᠲᠠ ᠶᠢᠨ ᠠᠵᠢᠯ ᠤᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠵᠦ᠂ ᠲᠤᠷᠰᠢᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠵᠦᠷᠢᠶ᠎ᠡ ᠶᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠡᠪᠬᠡᠮᠡᠯ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠪᠦᠲᠦᠮᠵᠢᠲᠡᠢ ᠠᠷᠭ᠎ᠠ  ᠬᠡᠮᠵᠢᠶ᠎ᠡ ᠠᠪᠴᠤ᠂ ᠣᠬᠤᠷᠬᠠᠨ ᠬᠤᠭᠤᠴᠠᠭᠠᠨ ᠤ ᠳᠣᠲᠣᠷ᠎ᠠ ᠴᠢᠨᠠᠷ ᠰᠠᠶᠢᠲᠠᠢ ᠦᠷ᠎ᠡ ᠠᠰᠢᠭ ᠲᠠᠢ ᠪᠠᠷ ᠡᠴᠦᠰ ᠤᠨ ᠢᠯᠭᠠᠯ ᠢ ᠠᠷᠢᠯᠭᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠤᠰᠤᠳᠴᠢ ᠪᠠᠷ ᠥᠪᠡᠷ ᠢ ᠪᠠᠨ ᠦᠨᠡᠯᠡᠵᠦ᠂ ᠳᠤᠲᠠᠭᠤᠳᠠᠯ ᠢᠶᠠᠨ ᠱᠠᠯᠠᠪᠳᠠᠨ ᠨᠥᠬᠦᠪᠥᠷᠢᠯᠡᠵᠦ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠦᠷᠦᠯ ᠲᠡᠮᠳᠡᠭ ᠢ ᠡᠭᠦᠳᠴᠦ᠂ ᠲᠤᠷᠰᠢᠯᠲᠠ ᠶᠢᠨ  ᠴᠡᠭ ᠤᠨ ᠰᠢᠯᠭᠠᠨ ᠠᠪᠬᠤ ᠡᠯ᠎ᠡ ᠵᠦᠢᠯ ᠤᠨ ᠪᠡᠯᠡᠳᠬᠡᠯ ᠠᠵᠢᠯ ᠢ ᠪᠡᠶᠡᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠱᠠᠲᠤᠨ ᠤ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠬᠠᠲᠠᠭᠤ ᠠᠷᠭ᠎ᠠ ᠬᠡᠮᠵᠢᠶ᠎ᠡ︾ ᠠᠪᠴᠤ᠂ ︽ᠬᠤᠷᠳᠤᠴᠠ ᠪᠠᠨ ᠨᠡᠮᠡᠭᠳᠡᠭᠦᠯᠬᠦ︾ ᠪᠠᠷ ᠴᠢᠷᠮᠠᠶᠢᠵᠤ᠂ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ ᠬᠢᠵᠦ᠂ ᠰᠢᠯᠢᠳᠡᠭ ᠬᠢᠷᠢ ᠪᠦᠲᠦᠮᠵᠢ ᠪᠠᠷ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠵᠢᠨ‌‍ᠴᠡᠭ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠦ ᠴᠢᠩᠭᠠᠳᠬᠠᠪᠠ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号