ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠬᠤ ᠳᠤᠭᠤᠶᠢᠯᠠᠩ ᠬᠢᠩᠭᠠᠨ ᠠᠶᠢᠮᠠᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/3/16
    3 ᠳ᠋ᠤᠭᠠᠷ ᠰᠠᠷ᠎ᠠ ᠶᠢᠨ 8 ᠤ ᠡᠳᠦᠷ ᠠᠴᠠ 10 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠠᠤᠯᠢ ᠲᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠵᠧᠩ ᠶᠢᠨ ᠴᠦᠨ ᠨᠡᠷ ᠬᠢᠩᠭᠠᠨ ᠠᠶᠢᠮᠠᠭ ᠲᠤ ᠬᠦᠷᠴᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ ᠤᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠷᠠᠰᠢᠶᠠᠨ ᠬᠤᠳᠠ ᠶᠢᠨ ᠬᠠᠤᠯᠢ ᠲᠣᠭᠲᠠᠭᠠᠬᠤ ᠬᠠᠷᠢᠯᠴᠠᠬᠤ ᠴᠡᠭ ᠵᠡᠷᠭᠡ ᠦᠨᠳᠦᠰᠦᠨ ᠱᠠᠲᠤᠨ ᠤ ᠨᠢᠭᠡᠴᠢ ᠳᠤ ᠭᠦᠨᠵᠡᠭᠡᠶᠢᠷᠡᠵᠦ᠂ ᠬᠤᠯᠪᠣᠭᠳᠠᠯ ᠪᠦᠬᠦᠢ ᠠᠵᠢᠯ ᠥᠷᠨᠢᠭᠦᠯᠦᠭᠰᠡᠨ ᠪᠠᠶᠢᠳᠠᠯ ᠪᠣᠯᠤᠨ ᠬᠤᠶᠠᠷ ᠲᠦᠷᠢᠮ ᠤᠨ ᠲᠥᠰᠦᠯ ᠳᠤ ᠵᠠᠰᠠᠪᠤᠷᠢ ᠣᠷᠣᠭᠤᠯᠬᠤ ᠰᠠᠨᠠᠯ ᠰᠠᠨᠠᠭᠤᠯᠭ᠎ᠠ ᠶᠢ ᠪᠠᠶᠢᠴᠠᠭᠠᠨ ᠰᠤᠳᠤᠯᠵᠤ ᠣᠶᠢᠯᠠᠭᠠᠪᠠ᠃ ᠲᠤᠰᠬᠠᠶ ᠰᠡᠳᠦᠪᠲᠦ ᠶᠠᠷᠢᠯᠴᠠᠬᠤ ᠬᠤᠷᠠᠯ ᠬᠤᠷᠠᠯᠳᠤᠭᠤᠯᠵᠤ᠂ ᠪᠥᠬᠦ ᠠᠶᠢᠮᠠᠭ ᠤᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠭᠰᠡᠨ ᠠᠵᠢᠯ ᠤᠨ ᠪᠠᠶᠢᠳᠠᠯ ᠢ ᠰᠣᠨᠣᠰᠴᠤ᠂ ᠡᠯ᠎ᠡ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠬᠤᠷᠢᠶᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠬᠤᠷᠢᠶᠠᠭᠰᠠᠨ ᠰᠠᠨᠠᠯ ᠪᠠ ᠰᠠᠨᠠᠭᠤᠯᠭ᠎ᠠ ᠶᠢ ᠨᠠᠷᠢᠨ ᠨᠢᠮᠪᠠᠶ ᠡᠮᠬᠢᠯᠡᠨ ᠳᠢᠭᠯᠡᠵᠦ᠂ ᠬᠠᠤᠯᠢ ᠲᠣᠭᠲᠠᠭᠠᠬᠤ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠤᠨ᠂ ᠣᠯᠠᠨ ᠤ ᠰᠠᠨᠠᠯ ᠢ ᠠᠪᠴᠤ ᠣᠯᠠᠨ ᠤ ᠤᠬᠠᠭᠠᠨ ᠢ ᠲᠥᠪᠯᠡᠷᠡᠭᠦᠯᠵᠦ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ ᠭᠡᠵᠡᠶ᠃    ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ  ᠵᠦᠸᠧ᠂ ᠳᠡᠳ᠋ ᠡᠷᠬᠢᠯᠡᠭᠴᠢ ᠯᠢᠦ ᠵᠥᠩ ᠲᠣᠰ ᠲᠣᠰ ᠬᠤᠯᠪᠣᠭᠳᠠᠯ ᠪᠥᠬᠦᠶ ᠶᠠᠷᠢᠯᠴᠠᠬᠤ ᠬᠤᠷᠠᠯ ᠢ ᠡᠷᠭᠢᠯᠡᠵᠦ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ᠂ ᠠᠶᠢᠮᠠᠭ ᠤᠨ ᠳᠡᠳ᠋ ᠳᠠᠷᠤᠭ᠎ᠠ ᠯᠢᠶᠠᠩ ᠶᠠᠨ ᠵᠢᠶᠦ᠋ᠨ ᠲᠣᠰ ᠲᠣᠰ ᠬᠤᠯᠪᠣᠭᠳᠠᠯ ᠪᠥᠬᠦᠶ ᠬᠤᠷᠠᠯ ᠳᠤ ᠣᠷᠣᠯᠴᠠᠭᠰᠠᠨ ᠪᠥᠭᠡᠳ ᠠᠵᠢᠯ ᠢᠶᠠᠨ ᠬᠠᠷᠢᠭᠤ ᠮᠡᠳᠡᠭᠦᠯᠪᠡ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号