ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/16
  3 ᠰᠠᠷ᠎ᠠ ᠶᠢᠨ 13 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠢᠮᠠᠭ ᠤᠨ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂  ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ ᠵᠡᠷᠭᠡ 9 ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃    ᠵᠠᠩ ᠰᠢᠶᠤᠤ ᠪᠢᠩ ᠬᠡᠯᠡᠬᠦ ᠳᠡᠭᠡᠨ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠣᠯ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠮᠥᠨ᠃ ᠦᠵᠡᠯ ᠰᠠᠨᠠᠭ᠎ᠠ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ ᠂ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠪᠠᠲᠤᠳᠬᠠᠵᠤ᠂ ᠬᠥᠭᠦᠷᠭᠡ ᠬᠤᠯᠪᠣᠭᠠᠰᠤ ᠪᠠ ᠰᠤᠷᠭᠠᠨ ᠬᠥᠮᠦᠵᠢᠭᠦᠯᠵᠦ ᠬᠦᠳᠦᠯᠦᠨ ᠵᠢᠯᠣᠭᠤᠳᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ︽ᠲᠦᠷᠪᠡᠨ ᠤᠬᠠᠮᠰᠠᠷ︾ ᠢ ᠦᠨᠡᠨᠬᠦ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠰᠢᠷᠭᠤᠨ ᠣᠷᠣᠬᠤ ᠴᠡᠭ᠂ ᠤᠶᠠᠯᠳᠤᠯ ᠤᠨ ᠴᠡᠭ᠂ ᠬᠦᠴᠦᠯᠡᠬᠦ ᠴᠡᠭ ᠢ ᠣᠨᠣᠪᠴᠢᠲᠠᠶ ᠡᠷᠢᠵᠦ᠂ ᠦᠢᠯᠡᠴᠢᠯᠡᠬᠦ ᠡᠲᠡᠭᠡᠳ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠩᠭ᠎ᠠ ᠠᠩᠬᠠᠷᠴᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠵᠡᠷᠭᠡ ᠭᠤᠣᠯᠳᠠᠯᠭ᠎ᠠ ᠲᠠᠢ  ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠮᠦᠨ᠎ᠡ ᠹᠷᠣᠨᠲ ᠲᠤ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠬᠡᠪ ᠰᠤᠷᠲᠠᠯ ᠤᠨ ᠲᠡᠷᠢᠭᠦᠨ ᠤ ᠬᠢ ᠶᠢ ᠬᠦᠳᠦᠯᠦᠨ ᠳᠠᠭᠠᠭᠤᠯᠵᠤ᠂ ᠰᠢᠨ᠎ᠡ ᠣᠶᠢᠯᠠᠭᠠᠭᠳᠠᠬᠤᠨ ᠰᠢᠨ᠎ᠡ ᠠᠷᠭ᠎ᠠ ᠪᠠᠷᠢᠯ ᠰᠢᠨ᠎ᠡ ᠠᠷᠭ᠎ᠠ ᠶᠢ ᠬᠡᠷᠡᠭᠯᠡᠨ ᠠᠵᠢᠯ ᠢᠶᠠᠨ ᠥᠷᠨᠢᠭᠦᠯᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠠᠮᠲᠤᠷᠠᠯᠴᠠᠭᠠᠨ ᠤ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠦᠨᠡᠨᠬᠦ ᠰᠠᠶᠢᠵᠢᠷᠠᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠥᠩᠭᠡᠪᠴᠢ ᠠᠵᠢᠯ ᠬᠢᠬᠦ ᠦᠭᠡᠢ ᠪᠠᠶᠢᠵᠤ᠂ ᠤᠯᠠᠨ ᠲᠦᠮᠡᠨ ᠤ ᠪᠦᠯᠬᠦᠮ ᠤᠨ ᠠᠵᠢᠯ ᠢ ᠠᠴᠢᠶᠠᠯᠠᠪᠤᠷᠢ ᠲᠠᠢ᠂ ᠭᠠᠷᠳᠠᠴᠠ ᠲᠠᠢ᠂ ᠲᠤᠰᠤᠯᠲᠠ ᠲᠠᠢ ᠪᠣᠯᠭᠠᠵᠤ᠂ ᠥᠪᠡᠷᠮᠢᠴᠡ ᠣᠨᠴᠠᠯᠢᠭ ᠲᠠᠢ ᠲᠦᠷᠦᠯ ᠲᠡᠮᠳᠡᠭ ᠢ ᠪᠤᠶᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠠᠩ ᠰᠢᠶᠤᠤ ᠪᠢᠩ᠂ ᠡᠯ᠎ᠡ ᠱᠠᠲᠤᠨ ᠤ ᠨᠠᠮ ᠤᠨ  ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠠᠨ ᠲᠦᠮᠡᠨ ᠤ ᠪᠦᠯᠬᠦᠮ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠪᠠᠶᠢᠭᠤᠯᠤᠯᠲᠠ ᠤᠯᠠᠨ ᠲᠦᠮᠡᠨ ᠤ ᠪᠠᠶᠢᠭᠤᠯᠤᠯᠲᠠ ᠶᠢ ᠳᠠᠶᠢᠴᠢᠯᠠᠬᠤ ᠲᠦᠷᠢᠮ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠬᠡᠯᠡᠪᠡ᠃ ᠤᠯᠠᠨ ᠲᠦᠮᠡᠨ ᠤ ᠪᠦᠯᠬᠦᠮ ᠤᠨ ᠠᠵᠢᠯ ᠢ ᠳᠡᠮᠵᠢᠵᠦ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠬᠦᠴᠦᠨ ᠢᠶᠠᠨ ᠪᠦᠷᠢᠨ ᠭᠦᠢᠴᠡᠳ ᠳᠤᠬᠢᠷᠠᠭᠤᠯᠵᠤ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢᠶᠠᠨ ᠥᠷᠨᠢᠭᠦᠯᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号