ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ︽ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠪᠣᠳᠠᠲᠠᠶ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/3/16
            ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ 〔 2022 〕 61 ᠳ᠋ᠦ᠋ᠭᠡᠷ ᠲᠣᠭᠠᠲᠤ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ︽ᠡᠮ ᠤᠨ  ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠪᠣᠳᠠᠲᠠᠶ ᠠᠷᠭ᠎ᠠ ᠬᠡᠮᠵᠢᠶ᠎ᠡ︾ ᠶᠢ ᠵᠠᠰᠠᠭ ᠵᠠᠬᠢᠷᠭᠠᠨ ᠤ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                          2022 ᠣᠨ ᠤ 11 ᠰᠠᠷ᠎ᠠ ᠶᠢᠨ 12 ᠤᠨ ᠡᠳᠦᠷ                                                      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶           ᠡᠮ ᠤᠨ ᠵᠦᠢᠯ ᠢ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠶ ᠪᠣᠳᠠᠲᠠᠶ ᠠᠷᠭ᠎ᠠ ᠬᠡᠮᠵᠢᠶ᠎ᠡ            ︽ᠡᠮ ᠤᠨ  ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠲᠥᠷᠥ ᠠᠯᠪᠠᠨ ᠲᠠᠷᠬᠠᠭᠠᠭᠰᠠᠨ〔 2021 〕16 ᠳ᠋ᠤᠭᠠᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠮ ᠤᠨ  ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ〔 2022 〕26 ᠳ᠋ᠤᠭᠠᠷ ᠲᠣᠭᠠᠲᠤ︶ ᠤᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠡᠮ ᠤᠨ  ᠵᠦᠢᠯ ︵ᠡᠮᠴᠢᠯᠡᠭᠡᠨ ᠤ ᠪᠠᠭᠠᠵᠢ ᠬᠡᠷᠡᠭᠰᠡᠯ᠂ ᠭᠤᠶᠣᠯᠠᠯ ᠤᠨ ᠡᠳ᠋ ᠪᠠᠭᠲᠠᠨ᠎ᠠ᠂ ᠳᠣᠷᠣᠭᠰᠢ ᠠᠳᠠᠯᠢ︶ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠠᠶᠢᠮᠠᠭ ᠤᠨ ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃    ᠨᠢᠭᠡ᠂ ᠠᠵᠢᠯ ᠤᠨ ᠬᠠᠷᠠᠯᠲᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠭᠤᠷᠢ ᠶᠢ ᠴᠢᠩᠭᠠᠳᠬᠠᠨ᠂ ᠳᠤᠲᠠᠭᠤᠳᠠᠯ ᠢ ᠨᠥᠬᠦᠪᠥᠷᠢᠯᠡᠵᠦ᠂ ᠪᠣᠭᠤᠮᠢ ᠶᠢ ᠡᠪᠳᠡᠵᠦ᠂ ᠳᠡᠭᠡᠭᠰᠢᠯᠡᠭᠦᠯᠬᠦ ᠶᠢ ᠠᠬᠢᠭᠤᠯᠵᠤ᠂ ᠡᠮ ᠤᠨ ᠵᠦᠢᠯᠡᠰ ᠤᠨ ᠠᠮᠤᠷ ᠲᠦᠪᠰᠢᠨ ᠪᠠ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠢ᠂ ᠡᠷᠬᠡ ᠰᠦᠷ ᠲᠠᠢ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠢ ᠲᠦᠷᠭᠡᠨ ᠪᠠᠶᠢᠭᠤᠯᠤᠨ ᠲᠡᠭᠦᠯᠳᠡᠷᠵᠢᠭᠦᠯᠵᠦ᠂ ᠲᠤᠯᠭᠠᠭᠤᠷᠢᠯᠠᠵᠤ ᠪᠠᠲᠤᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠡᠮ ᠤᠨ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠵᠤ᠂ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢᠨ ᠴᠢᠳᠠᠪᠤᠷᠢ ᠪᠠ ᠬᠢᠨᠠᠨ ᠬᠠᠮᠢᠶᠠᠷᠤᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ ᠪᠦᠬᠦ ᠠᠶᠢᠮᠠᠭ ᠤᠨ ᠠᠷᠠᠳ ᠤᠯᠠᠨ ᠤ ᠡᠮ ᠤᠨ ᠵᠦᠢᠯᠡᠰ ᠤᠨ ᠠᠮᠤᠷ ᠲᠦᠪᠰᠢᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃    ᠬᠤᠶᠠᠷ᠂ ᠭᠤᠣᠯᠳᠠᠯᠭ᠎ᠠ ᠲᠠᠢ ᠡᠭᠦᠷᠭᠡ    ︵ᠨᠢᠭᠡ︶ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠸᠠᠺᠼᠢᠨ᠂ ᠣᠨᠴᠣᠭᠤᠶ ᠡᠮ ᠤᠨ ᠵᠦᠢᠯ᠂ ᠰᠦᠯᠵᠢᠶᠡᠨ ᠳᠡᠭᠡᠷ᠎ᠡ ᠪᠣᠷᠣᠯᠠᠭᠤᠯᠬᠤ ᠡᠮ ᠤᠨ ᠵᠦᠢᠯ᠂ ᠬᠢᠲᠠᠳ ᠬᠡᠷᠴᠢᠮ ᠡᠮ᠂ ᠪᠠᠺᠲ᠋ᠧᠷᠢ ᠥᠬᠡᠶ ᠪᠠ ᠳᠠᠷᠢᠵᠤ ᠣᠷᠣᠭᠤᠯᠬᠤ ᠴᠢᠨᠠᠷᠲᠠᠶ ᠡᠮᠴᠢᠯᠡᠭᠡᠨ ᠤ ᠪᠠᠭᠠᠵᠢ ᠬᠡᠷᠡᠭᠰᠡᠯ᠂ ᠬᠡᠤᠬᠡᠳ ᠵᠢᠴᠢ ᠣᠨᠴᠣᠭᠤᠶ ᠬᠡᠷᠡᠭᠴᠡᠭᠡᠲᠦ ᠭᠤᠶᠣᠯᠠᠯ ᠤᠨ ᠡᠳ᠋ ᠵᠡᠷᠭᠡ ᠭᠤᠤᠯᠳᠠᠯᠭ᠎ᠠ ᠲᠠᠢ ᠦᠶ᠋ᠯᠡᠳᠬᠦᠨ ᠤ ᠲᠣᠭᠤᠷᠢᠨ ᠳᠤ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠤᠯᠤᠰ ᠤᠨ ᠦᠨᠳᠦᠰᠦᠨ ᠡᠮ ᠤᠨ ᠵᠦᠢᠯ᠂ ᠲᠡᠭᠦᠵᠦ ᠴᠤᠭᠯᠠᠭᠤᠯᠬᠤ ᠳᠤᠮᠳᠠ ᠠᠴᠠ ᠰᠣᠩᠭᠤᠬᠤ᠂ ᠡᠮᠴᠢᠯᠡᠭᠡᠨ ᠳᠤ ᠬᠡᠷᠡᠭᠯᠡᠬᠦ ᠠᠮᠠᠪᠴᠢ᠂ ᠬᠠᠮᠠᠭᠠᠯᠠᠯᠲᠠ ᠶᠢᠨ ᠬᠤᠪᠴᠠᠰᠤ ᠵᠡᠷᠭᠡ ᠲᠥᠷᠥᠯ ᠵᠦᠢᠯ ᠢ ᠰᠤᠭᠤᠴᠢᠨ ᠪᠠᠶᠢᠴᠠᠭᠠᠬᠤ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠦᠨ᠎ᠡ᠃ ᠮᠡᠷᠭᠡᠵᠢᠯ ᠤᠨ ᠬᠢᠨᠠᠨ ᠦᠨᠡᠯᠡᠬᠦ᠂ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ᠂ ᠲᠤᠬᠠᠶ ᠶᠢᠨ ᠲᠠᠯᠠᠪᠤᠷ ᠲᠤ ᠪᠠᠶᠢᠴᠠᠭᠠᠬᠤ᠂ ᠮᠠᠭᠤ ᠲᠤᠰᠬᠠᠯ ᠢ ᠬᠢᠨᠠᠨ ᠬᠡᠮᠵᠢᠬᠦ᠂ ᠵᠠᠭᠠᠯᠳᠤᠵᠤ ᠢᠯᠡᠴᠢᠯᠡᠨ ᠮᠡᠳᠡᠭᠦᠯᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠵᠡᠷᠭᠡ ᠲᠠᠯ᠎ᠠ ᠶᠢᠨ ᠲᠦᠭᠰᠢᠭᠦᠷᠢ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠣᠶ ᠪᠣᠯᠭᠠᠵᠤ᠂ ᠲᠦᠭᠰᠢᠭᠦᠷᠢ ᠶᠢ ᠴᠠᠭ ᠲᠤᠬᠠᠶ ᠳᠤᠨᠢ ᠬᠢᠨᠠᠨ ᠬᠡᠮᠵᠢᠬᠦ᠂ ᠣᠨᠣᠪᠴᠢᠲᠠᠶ ᠰᠤᠳᠤᠯᠤᠨ ᠮᠠᠭᠠᠳᠯᠠᠬᠤ᠂ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠰᠡᠷᠡᠮᠵᠢᠯᠡᠭᠦᠯᠬᠦ ᠪᠠ ᠪᠦᠲᠦᠮᠵᠢᠲᠡᠶ ᠰᠢᠢᠳᠪᠦᠷᠢᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠬᠤᠶᠠᠷ︶ ᠪᠠᠶᠢᠴᠠᠭᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠣᠯᠪᠠᠰᠤᠷᠠᠭᠤᠯᠤᠯ ᠢ ᠴᠢᠩᠭᠠᠳᠬᠠᠬᠤ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠬᠤ᠂ ᠤᠯᠠᠮᠵᠢᠯᠠᠬᠤ ᠬᠠᠪᠰᠤᠷᠬᠤ ᠳᠠᠭᠠᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠪᠥᠬᠦ ᠠᠶᠢᠮᠠᠭ ᠤᠨ ᠡᠮ ᠤᠨ ᠵᠦᠢᠯ ᠤᠨ ᠪᠠᠶᠢᠴᠠᠭᠠᠭᠴᠢ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠠᠶᠢᠮᠠᠭ ᠤᠨ ᠠᠵᠢᠯ ᠮᠡᠷᠭᠡᠵᠢᠭᠰᠡᠨ ᠲᠤᠰᠬᠠᠶᠢᠵᠢᠭᠰᠠᠨ ᠡᠮ ᠤᠨ ᠵᠦᠢᠯ ᠤᠨ ᠪᠠᠶᠢᠴᠠᠭᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠪᠥᠬᠦ ᠠᠶᠢᠮᠠᠭ ᠤᠨ ᠡᠮ ᠤᠨ ᠵᠦᠢᠯ ᠤᠨ ᠪᠠᠶᠢᠴᠠᠭᠠᠭᠴᠢ ᠶᠢᠨ ᠬᠥᠮᠥᠷᠭᠡ ᠶᠢ ᠪᠠᠶᠢᠭᠤᠯᠤᠨ᠂ ᠨᠢᠭᠡᠳᠦᠯᠲᠡᠶ ᠰᠢᠯᠵᠢᠭᠦᠯᠦᠨ ᠲᠣᠮᠢᠯᠠᠬᠤ ᠶᠢ ᠬᠡᠷᠡᠭᠵᠢᠭᠦᠯᠦᠨ᠎ᠡ᠃ 2022 ᠣᠨ ᠤ ᠡᠴᠦᠰ ᠲᠤ᠂ ᠪᠥᠬᠦ ᠠᠶᠢᠮᠠᠭ ᠤᠨ ᠲᠤᠰᠬᠠᠶ ᠲᠤᠰᠢᠶᠠᠯᠲᠤ ᠪᠠᠶᠢᠴᠠᠭᠠᠭᠴᠢ ᠶᠢᠨ ᠲᠤᠭ᠎ᠠ ᠶᠢ 30 ᠨᠡᠷᠡᠰ ᠬᠦᠷᠭᠡᠵᠦ᠂ ᠠᠯᠬᠤᠮ ᠳᠠᠷᠠᠭ᠎ᠠ ᠬᠤᠪᠢᠶᠠᠨ ᠦᠨᠳᠦᠰᠦᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ᠂ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠷ᠎ᠠ ᠠᠴᠠ ᠨᠥᠬᠦᠴᠡᠯ ᠳᠤ ᠨᠡᠶᠢᠴᠡᠬᠦ ᠠᠵᠢᠯᠲᠠᠨ ᠢ ᠤᠷᠢᠨ ᠬᠡᠷᠡᠭᠯᠡᠵᠦ ᠲᠤᠰᠢᠶᠠᠯ ᠬᠠᠪᠰᠤᠷᠭᠠᠭᠰᠠᠨ ᠪᠠᠶᠢᠴᠠᠭᠠᠭᠴᠢ ᠪᠣᠯᠭᠠᠨ᠎ᠠ᠃ 3 ᠵᠢᠯ ᠤᠨ ᠳᠣᠲᠣᠷ᠎ᠠ ᠬᠥᠮᠥᠷᠭᠡ ᠳᠤ ᠣᠷᠣᠭᠤᠯᠬᠤ ᠲᠤᠰᠬᠠᠶ ᠲᠤᠰᠢᠶᠠᠯᠲᠤ ᠪᠠᠶᠢᠴᠠᠭᠠᠭᠴᠢ ᠶᠢᠨ ᠲᠤᠭ᠎ᠠ ᠶᠢ 60 ᠨᠡᠷᠡᠰ ᠠᠴᠠ ᠳᠡᠭᠡᠭᠰᠢ ᠳᠤ ᠬᠦᠷᠦᠭᠦᠯᠵᠦ᠂ ᠲᠤᠰᠢᠶᠠᠯ ᠬᠠᠪᠰᠤᠷᠭᠠᠭᠰᠠᠨ ᠪᠠᠶᠢᠴᠠᠭᠠᠭᠴᠢ ᠶᠢ 40 ᠨᠡᠷᠡᠰ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠨ ᠬᠠᠮᠢᠶᠠᠷᠬᠤ ᠡᠭᠦᠷᠭᠡ ᠯᠦᠭᠡ ᠬᠠᠷᠢᠯᠴᠠᠨ ᠵᠣᠬᠢᠴᠠᠯᠳᠤᠭᠰᠠᠨ ᠡᠮ ᠤᠨ ᠵᠦᠢᠯ ᠤᠨ ᠪᠠᠶᠢᠴᠠᠭᠠᠭᠴᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠶ᠃ ᠪᠠᠶᠢᠴᠠᠭᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠤᠨ ᠠᠰᠢᠭᠯᠠᠯᠲᠠ ᠶᠢ ᠥᠷᠭᠡᠳᠬᠡᠨ᠂ ᠨᠢᠰᠦᠯᠲᠡ ᠶᠢᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠪᠠᠶᠢᠴᠠᠭᠠᠯᠲᠠ ᠶᠢᠨ ᠦᠷ᠎ᠡ ᠳ᠋ᠦᠩ ᠢ ᠬᠢᠨᠠᠨ ᠬᠠᠷᠭᠤᠭᠤᠯᠬᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠨᠡᠯᠡᠨ ᠵᠢᠱᠢᠬᠦ ᠵᠢᠴᠢ ᠰᠡᠭᠦᠯᠴᠢ ᠶᠢᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠬᠠᠤᠯᠢ ᠬᠡᠷᠡᠭᠵᠢᠭᠦᠯᠬᠦ ᠪᠢᠲᠡᠭᠦᠦ ᠴᠠᠭᠠᠷᠢᠭ ᠤᠨ ᠰᠢᠰᠲ᠋ᠧᠮᠵᠢ ᠶᠢ ᠴᠢᠩᠭ᠎ᠠ ᠪᠠᠶᠢᠴᠠᠭᠠᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠭᠤᠷᠪᠠ︶ ᠮᠥᠷᠳᠡᠨ ᠪᠠᠶᠢᠴᠠᠭᠠᠵᠤ ᠬᠡᠷᠡᠭ ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠠᠶᠢᠮᠠᠭ ᠤᠨ ᠡᠮ ᠤᠨ ᠵᠦᠢᠯ ᠢ ᠪᠠᠶᠢᠴᠠᠭᠠᠬᠤ ᠠᠵᠢᠯ ᠢ ᠨᠢᠭᠡᠳᠦᠯᠲᠡᠶ ᠲᠥᠯᠥᠪᠯᠡᠨ ᠰᠢᠮᠳᠠᠭᠤᠯᠤᠨ ᠵᠢᠯᠣᠭᠤᠳᠴᠤ᠂ ᠡᠯ᠎ᠡ ᠬᠤᠰᠢᠭᠤ ᠰᠢᠶᠠᠨ ᠬᠤᠲᠠ ᠶᠢᠨ ᠬᠡᠷᠡᠭ ᠢ ᠪᠠᠶᠢᠴᠠᠭᠠᠨ  ᠰᠢᠢᠳᠪᠦᠷᠢᠯᠡᠭᠰᠡᠨ ᠪᠠᠶᠢᠳᠠᠯ ᠢ ᠤᠯᠠᠷᠢᠯ ᠪᠦᠷᠢ ᠳᠤ ᠨᠢᠭᠡ ᠤᠳᠠᠭ᠎ᠠ ᠨᠡᠪᠲᠡᠷᠡᠭᠦᠯᠦᠨ᠎ᠡ᠃ ᠪᠠᠷᠠᠭᠠᠨ ᠤ ᠥᠷᠲᠡᠭ ᠤᠨ ᠵᠣᠭᠤᠰ ᠤᠨ ᠲᠤᠭ᠎ᠠ ᠨᠢ 50 ᠲᠦᠮᠡᠨ ᠲᠥᠭᠦᠷᠢᠭ ᠠᠴᠠ ᠳᠡᠭᠡᠭᠰᠢᠬᠢ ᠬᠦᠨᠳᠦ ᠶᠡᠭᠡ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ  ᠰᠢᠢᠳᠪᠦᠷᠢᠯᠡᠵᠦ ᠵᠠᠯᠬᠠᠭᠠᠨ ᠰᠢᠳᠬᠡᠬᠦ ᠡᠷᠴᠢᠮ ᠢᠶᠠᠨ ᠦᠨᠡᠨᠬᠦ ᠴᠢᠩᠭᠠᠷᠠᠭᠤᠯᠤᠨ᠎ᠠ᠃ ᠡᠮ ᠤᠨ ᠵᠦᠢᠯ ᠢ ᠮᠥᠷᠳᠡᠨ ᠪᠠᠶᠢᠴᠠᠭᠠᠬᠤ ᠲᠤᠰᠬᠠᠶ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠢᠮᠠᠭ ᠬᠤᠰᠢᠭᠤ ᠬᠤᠶᠠᠷ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠮᠥᠷᠳᠡᠨ ᠪᠠᠶᠢᠴᠠᠭᠠᠵᠤ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠭᠤᠤᠯᠯᠠᠭᠴᠢ‌‍ᠬᠥ᠋ᠮᠦᠵᠢᠭᠦᠯᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢ ᠬᠡᠷᠡᠭᠯᠡᠬᠦ ᠶᠢ ᠴᠢᠩᠳᠠᠯᠠᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ᠂ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠳᠥᠷᠪᠡ︶ ᠰᠠᠯᠠᠭ᠎ᠠ ᠮᠥᠴᠢᠷ ᠤᠨ ᠬᠠᠮᠵᠢᠯᠴᠠᠬᠤ ᠶᠢ ᠴᠢᠩᠭᠠᠷᠠᠭᠤᠯᠤᠨ᠎ᠠ᠃ ᠬᠢᠨᠠᠨ ᠬᠠᠮᠢᠶᠠᠷᠬᠤ ᠠᠵᠢᠯ ᠶᠠᠪᠤᠳᠠᠯ ᠤᠨ ᠡᠷᠬᠡ ᠶᠢᠨ ᠬᠤᠪᠢᠶᠠᠷᠢᠯᠠᠯ ᠪᠠ ᠬᠠᠷᠢᠭᠤᠴᠠᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ᠂ ᠡᠮ ᠤᠨ ᠵᠦᠢᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠪᠠᠷ ᠬᠡᠯᠬᠢᠶ᠎ᠡ ᠪᠣᠯᠭᠠᠭᠰᠠᠨ ᠠᠶᠢᠮᠠᠭ᠂ ᠬᠤᠰᠢᠭᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠭᠤᠷᠪᠠᠨ ᠱᠠᠲᠤᠨ ᠤ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠷᠠᠭᠤᠯᠤᠨ᠂ ᠠᠶᠢᠮᠠᠭ ᠬᠤᠰᠢᠭᠤ ᠬᠤᠶᠠᠷ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠬᠢᠨᠠᠯᠲᠠ ᠲᠠᠯᠪᠢᠵᠤ ᠪᠠᠶᠢᠴᠠᠭᠠᠬᠤ᠂ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠪᠠ ᠮᠥᠷᠳᠡᠨ ᠪᠠᠶᠢᠴᠠᠭᠠᠵᠤ ᠬᠠᠤᠯᠢ ᠬᠡᠷᠡᠭᠵᠢᠭᠦᠯᠬᠦ ᠵᠡᠷᠭᠡ ᠠᠵᠢᠯ ᠤᠨ ᠵᠢᠯᠣᠭᠤᠳᠣᠯᠭ᠎ᠠ ᠪᠠ ᠦᠨᠡᠯᠡᠨ ᠵᠢᠱᠢᠯᠲᠡ ᠶᠢ ᠴᠢᠩᠭᠠᠳᠬᠠᠵᠤ᠂ ᠪᠥᠬᠦ ᠠᠶᠢᠮᠠᠭ ᠢᠶᠠᠷ ᠢᠶᠠᠨ ᠵᠢᠯ ᠪᠦᠷᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠱᠠᠲᠤ ᠲᠠᠰ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠲᠦᠭᠰᠢᠭᠦᠷᠢ ᠶᠢᠨ ᠵᠥᠪᠳᠡᠯᠴᠡᠭᠡ ᠶᠢ ᠵᠣᠬᠢᠶᠠᠨ ᠪᠠᠶᠢᠭᠤᠯᠤᠨ᠎ᠠ᠃ ᠠᠶᠢᠮᠠᠭ᠂ ᠬᠤᠰᠢᠭᠤ ᠰᠢᠶᠠᠨ ᠬᠤᠲᠠ ᠬᠤᠶᠠᠷ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ ᠯᠦᠭᠡ ᠵᠣᠯᠭᠠᠭᠤᠯᠬᠤ᠂ ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠦᠨᠳᠦ ᠶᠡᠭᠡ ᠬᠡᠷᠡᠭ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠪᠲᠡᠷᠡᠭᠦᠯᠦᠨ᠂ ᠡᠮ ᠤᠨ ᠵᠦᠢᠯ ᠤᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠰᠢᠯᠵᠢᠭᠦᠯᠦᠨ ᠬᠦᠷᠭᠡᠵᠦ᠂ ᠰᠢᠯᠭᠠᠨ ᠪᠠᠶᠢᠴᠠᠭᠠᠵᠤ ᠦᠨᠡᠮᠰᠢᠬᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ᠂ ᠠᠯᠪᠠᠳᠠᠯᠭ᠎ᠠ ᠪᠠᠷ ᠭᠦᠢᠴᠡᠳᠭᠡᠬᠦ ᠵᠡᠷᠭᠡ ᠠᠵᠢᠯ ᠢ ᠰᠠᠶᠢᠲᠤᠷ ᠬᠢᠵᠦ᠂ ᠬᠠᠮᠲᠤᠷᠠᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠶ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ᠂ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠲᠠᠪᠤ︶ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮ  ᠤᠨ ᠵᠦᠢᠯ ᠪᠣᠯᠤᠨ ᠵᠠᠰᠠᠯ ᠴᠢᠮᠡᠭ  ᠤᠨ  ᠡᠳ᠋ ᠤᠨ ᠲᠤᠷᠰᠢᠯᠲᠠ  ᠶᠢᠨ ᠲᠠᠰᠤᠭ ᠤᠨ ᠪᠥᠳᠥᠭᠡᠨ ᠪᠠᠶᠢᠭᠤᠯᠤᠯᠲᠠ ᠪᠣᠯᠤᠨ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠣᠷᠣᠭᠤᠯᠤᠯᠲᠠ  ᠶᠢᠨ ᠡᠷᠴᠢᠮ ᠢ ᠨᠡᠮᠡᠭᠳᠡᠭᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ  ᠶᠢ ᠲᠦᠷᠭᠡᠳᠬᠡᠨ ᠠᠬᠢᠭᠤᠯᠵᠤ᠂ ᠠᠶᠢᠮᠠᠭ  ᠤᠨ ᠱᠠᠲᠤᠨ  ᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ  ᠶᠢᠨ ᠪᠠᠶᠢᠭᠤᠯᠤᠯᠲᠠ  ᠶᠢ ᠤᠯᠤᠰ  ᠤᠨC ᠲᠡᠰ ᠠᠴᠠ ᠳᠡᠭᠡᠭᠰᠢᠬᠢ ᠪᠠᠷᠢᠮᠵᠢᠶ᠎ᠠ  ᠳᠤ  ᠬᠦᠷᠦᠭᠦᠯᠬᠦ  ᠶᠢ ᠲᠥᠯᠬᠢᠨ ᠠᠬᠢᠭᠤᠯᠵᠤ᠂ ᠣᠷᠣᠨ ᠨᠤᠲᠤᠭ  ᠤᠨ ᠠᠵᠤ ᠠᠬᠤᠶ  ᠶᠢᠨ ᠬᠥᠭᠵᠢᠯᠲᠡ  ᠶᠢᠨ ᠬᠡᠷᠡᠭᠴᠡᠭᠡ ᠱᠠᠭᠠᠷᠳᠠᠯᠭ᠎ᠠ  ᠶᠢ ᠬᠠᠩᠭᠠᠬᠤ ᠬᠡᠷᠡᠭᠲᠡᠶ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠠᠵᠢᠯ ᠢ ᠴᠢᠩᠭᠠᠳᠬᠠᠨ᠎ᠠ᠃ ᠣᠷᠣᠨ ᠨᠤᠲᠤᠭ ᠤᠨ ᠬᠥᠭᠵᠢᠯᠲᠡ ᠪᠣᠯᠤᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠡᠮ ᠤᠨ ᠵᠦᠢᠯ ᠪᠣᠯᠤᠨ ᠭᠤᠶᠣᠯᠠᠯ ᠤᠨ ᠡᠳ᠋ ᠵᠡᠷᠭᠡ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠠᠵᠢᠯᠲᠠᠨ ᠢ ᠬᠠᠨᠳᠤᠯᠭ᠎ᠠ ᠲᠠᠢ ᠪᠠᠷ ᠣᠷᠣᠭᠤᠯᠤᠨ ᠠᠪᠴᠢᠷᠠᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ ᠴᠢᠩᠭᠠᠳᠬᠠᠨ᠂ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠨ ᠠᠵᠢᠯᠲᠠᠨ ᠤ ᠡᠩᠨᠡᠭᠡ ᠶᠢ ᠪᠠᠶᠢᠭᠤᠯᠵᠤ᠂ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ  ᠦᠢᠯᠡᠳᠦᠯ ᠢ ᠢᠳᠡᠪᠬᠢᠲᠡᠶ ᠪᠠᠳᠠᠷᠠᠭᠤᠯᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶    ︵ᠵᠢᠷᠭᠤᠭ᠎ᠠ︶ ᠡᠮ  ᠤᠨ ᠰᠡᠷᠡᠮᠵᠢᠯᠡᠭᠦᠯᠬᠦ ᠰᠢᠰᠲ᠋ᠧᠮᠵᠢ ᠶᠢ ᠪᠥᠷᠢᠨᠰᠢᠬᠦᠯᠥᠨ᠎ᠡ᠃ ᠡᠮ ᠤᠨ ᠵᠦᠢᠯ ᠤᠨ ᠮᠠᠭᠤ ᠤᠷᠪᠠᠯ ᠢ ᠬᠢᠨᠠᠨ ᠬᠡᠮᠵᠢᠵᠦ ᠦᠨᠡᠯᠡᠬᠦ ᠪᠠᠶᠢᠭᠤᠯᠤᠮᠵᠢ᠂ ᠡᠵᠡᠮᠰᠢᠭᠴᠢ ᠪᠠ ᠡᠮᠴᠢᠯᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭ᠎ᠠ ᠪᠠᠨ ᠭᠦᠢᠴᠡᠳᠭᠡᠭᠰᠡᠨ ᠡᠮ ‍ᠤᠨ‌ᠵᠦ᠋ᠢᠯ ᠤᠨ ᠰᠡᠷᠡᠮᠵᠢᠯᠡᠭᠦᠯᠬᠦ ᠠᠵᠢᠯ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠡᠮ ᠤᠨ ᠵᠦᠢᠯ ᠤᠨ ᠮᠠᠭᠤ ᠲᠤᠰᠬᠠᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ ᠬᠢᠨᠠᠨ ᠬᠡᠮᠵᠢᠬᠦ ᠬᠠᠷᠠᠭᠤᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠦᠯᠵᠦ ᠬᠢᠨᠠᠨ ᠬᠡᠮᠵᠢᠬᠦ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠂ ᠡᠪᠡᠳᠴᠢᠨ ᠡᠮᠭᠡᠭ ᠢ ᠰᠡᠷᠭᠡᠶᠢᠯᠡᠨ  ᠡᠵᠡᠮᠳᠡᠬᠦ ᠪᠠᠶᠢᠭᠤᠯᠤᠮᠵᠢ ᠶᠢᠨ ᠰᠡᠷᠭᠡᠶᠢᠯᠡᠬᠦ ᠲᠠᠷᠢᠯᠭ᠎ᠠ ᠶᠢᠨ ᠬᠡᠪ ᠤᠨ ᠪᠤᠰᠤ ᠰᠡᠵᠢᠭᠯᠡᠯᠲᠡᠶ ᠲᠤᠰᠬᠠᠯ ᠢ ᠬᠢᠨᠠᠨ ᠬᠡᠮᠵᠢᠬᠦ ᠰᠢᠰᠲ᠋ᠧᠮ ᠯᠦᠭᠡ ᠲᠤᠭ᠎ᠠ ᠪᠠᠷᠢᠮᠲᠠ ᠶᠢ ᠬᠤᠯᠪᠣᠯᠳᠤᠭᠤᠯᠤᠨ ᠬᠡᠷᠡᠭᠯᠡᠬᠦ ᠶᠢ ᠬᠠᠮᠵᠢᠯᠴᠠᠨ ᠠᠬᠢᠭᠤᠯᠤᠨ᠎ᠠ᠃ 2022 ᠣᠨ ᠠᠴᠠ ᠡᠬᠢᠯᠡᠨ᠂ ᠡᠮ ᠤᠨ ᠵᠦᠢᠯ᠂ ᠵᠠᠰᠠᠯ ᠴᠢᠮᠡᠭ ᠤᠨ ᠡᠳ᠋ ᠤᠨ ᠡᠷᠡᠭᠦᠯ ᠪᠤᠰᠤ ᠲᠤᠰᠬᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠡᠷᠡᠭᠦᠯ ᠪᠤᠰᠤ ᠬᠡᠷᠡᠭ ᠢ ᠬᠢᠨᠠᠨ ᠬᠡᠮᠵᠢᠭᠰᠡᠨ ᠮᠡᠳᠡᠭᠦᠯᠦᠯᠲᠡ ᠶᠢᠨ ᠲᠤᠭ᠎ᠠ ᠶᠢ ᠲᠣᠰ ᠲᠣᠰ ᠵᠠᠭᠤᠨ ᠲᠦᠮᠡᠨ ᠬᠥᠮᠦᠨ ᠠᠮᠠ ᠪᠦᠷᠢ ᠳᠤ 700 ᠬᠤᠪᠢ᠂ 70 ᠬᠤᠪᠢ ᠪᠠ 240 ᠬᠤᠪᠢ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠳᠣᠯᠤᠭ᠎ᠠ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂ ᠸᠠᠺᠼᠢᠨ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠶᠢᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠵᠤ᠂ ᠵᠣᠬᠢᠬᠤ ᠲᠠᠰ ᠤᠨ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠨᠠᠭᠠᠳᠤ ᠵᠠᠬ᠎ᠠ ᠳᠠᠭᠠᠨ 2 ᠵᠢᠯ ᠳᠤ 1 ᠤᠳᠠᠭ᠎ᠠ ᠠᠴᠠ ᠳᠤᠲᠠᠭᠤ ᠨᠢᠭᠡᠳᠦᠯᠲᠡᠶ ᠵᠢᠯᠣᠭᠤᠳᠬᠤ᠂ ᠱᠠᠲᠤ ᠬᠤᠪᠢᠶᠠᠨ ᠬᠠᠷᠢᠭᠤᠴᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠰᠢᠰᠲ᠋ᠧᠮᠵᠢ ᠶᠢ ᠪᠠᠶᠢᠭᠤᠯᠵᠤ᠂ ᠡᠯ᠎ᠡ ᠭᠠᠵᠠᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ ᠨᠠᠢᠮᠠ︶ ︽ᠢᠨᠲ᠋ᠧᠷ ᠰᠦᠯᠵᠢᠶ᠎ᠡ + ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠭᠡᠨ ᠤ  ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠢᠨᠲ᠋ᠧᠷ ᠰᠦᠯᠵᠢᠶ᠎ᠡ +︾ ᠰᠢᠯᠵᠢᠮᠡᠯ ᠢᠨᠲ᠋ᠧᠷ ᠰᠦᠯᠵᠢᠶ᠎ᠡ ᠶᠢᠨ ᠬᠤᠯᠪᠣᠭᠠᠯᠠᠨ ᠬᠡᠷᠡᠭᠯᠡᠬᠦ ᠶᠢ ᠳᠡᠯᠭᠡᠷᠡᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ  ᠭᠦᠢᠴᠡᠳ ᠠᠰᠢᠭᠯᠠᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠪᠠ  ᠦᠢᠯᠡᠴᠢᠯᠡᠭᠡᠨ ᠤ ᠠᠷᠭ᠎ᠠ ᠮᠠᠶ᠋ᠢᠭ ᠤᠨ ᠬᠤᠪᠢᠰᠤᠯᠲᠠ ᠶᠢ ᠠᠬᠢᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠪᠠᠭᠤᠯᠭᠠᠭᠰᠠᠨ ᠡᠮ ᠤᠨ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠢ ᠬᠢᠨᠠᠨ ᠵᠥᠪᠰᠢᠶᠡᠷᠡᠬᠦ ᠬᠠᠮᠢᠶ᠎ᠠ ᠪᠥᠬᠦᠶ ᠵᠦᠢᠯᠡᠰ ᠢ ︽ᠵᠠᠯᠭᠠᠨ ᠠᠪᠴᠤ ᠳᠡᠶᠢᠯᠬᠦ︾  ᠪᠣᠯᠭᠠᠨ᠎ᠠ᠃ ᠥᠪᠥᠷ ᠮᠣᠩᠭᠤᠯ ᠤᠨ ᠡᠮ ᠤᠨ ᠵᠦᠢᠯ ᠤᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠢᠳᠡᠪᠬᠢᠲᠡᠶ ᠬᠡᠷᠡᠭᠯᠡᠨ᠂ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠲᠤᠪᠠᠷ ᠭᠥᠷᠳᠡᠵᠦ ᠬᠠᠮᠲᠤᠪᠠᠷ ᠬᠡᠷᠡᠭᠯᠡᠬᠦ ᠶᠢ ᠠᠬᠢᠭᠤᠯᠵᠤ᠂ ᠲᠤᠬᠠᠶᠢᠯᠠᠭᠰᠠᠨ ᠠᠵᠢᠯ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠣᠶᠤᠨᠴᠢᠯᠠᠭᠰᠠᠨ ᠬᠠᠮᠵᠢᠯᠴᠠᠨ ᠵᠠᠰᠠᠬᠤ ᠶᠢ ᠠᠬᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠤᠯᠠᠨ ᠭᠠᠵᠠᠷ ᠲᠤ ᠬᠦᠨᠳᠡᠵᠤ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠠᠵᠢᠯ ᠢ ᠦᠷᠭᠦᠯᠵᠢᠯᠡᠨ ᠥᠷᠨᠢᠭᠦᠯᠪᠡ᠃ ᠰᠦᠯᠵᠢᠶ᠎ᠡ ᠪᠠᠷ ᠪᠣᠷᠣᠯᠠᠭᠤᠯᠬᠤ  ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠬᠢᠨᠠᠨ ᠵᠥᠪᠰᠢᠶᠡᠷᠡᠬᠦ  ᠦᠢᠯᠡᠴᠢᠯᠡᠭᠡᠨ ᠤ ᠲᠣᠪᠴᠢᠶ᠎ᠠ︶    ︵ᠶᠢᠰᠦ︶ ᠦᠨᠳᠦᠰᠦᠨ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ ︽ᠬᠤᠲᠠ ᠰᠢᠶᠠᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠲᠤᠬᠠᠶ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠠᠨᠠᠯ︾ ︵ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ︹ 2022 ︺ 15 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠦᠨᠳᠦᠰᠦᠨ ᠱᠠᠲᠤᠨ ᠤ ᠡᠮ ᠤᠨ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠦᠨᠳᠦᠰᠦᠨ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠂ ᠡᠮ ᠤᠨ ᠵᠦᠢᠯ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠢᠮᠠᠭ ᠬᠤᠰᠢᠭᠤ ᠬᠤᠶᠠᠷ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠭᠤᠤᠯᠯᠠᠭᠴᠢ ᠬᠥᠮᠦᠰ ᠢ ᠪᠦᠷᠢᠳᠦᠭᠦᠯᠬᠦ ᠶᠢᠨ ᠬᠠᠮᠲᠤ ᠬᠢᠨᠠᠯᠲᠠ ᠬᠠᠮᠢᠶᠠᠷᠤᠯᠲᠠ ᠶᠢᠨ ᠠᠵᠢᠯ ᠶᠠᠪᠤᠳᠠᠯ ᠤᠨ ᠡᠷᠬᠡ ᠯᠦᠭᠡ ᠵᠣᠬᠢᠴᠠᠯᠳᠤᠭᠰᠠᠨ ᠵᠠᠷᠤᠳᠠᠯ᠂ ᠲᠣᠨᠤᠭ ᠲᠥᠬᠦᠭᠡᠷᠦᠮᠵᠢ ᠵᠡᠷᠭᠡ ᠡᠬᠢ ᠪᠠᠶᠠᠯᠢᠭ ᠪᠠ ᠨᠥᠬᠦᠴᠡᠯ ᠢ ᠬᠠᠩᠭᠠᠬᠤ ᠬᠡᠷᠡᠭᠲᠡᠶ᠃ ᠠᠶᠢᠮᠠᠭ ᠬᠤᠰᠢᠭᠤ ᠬᠤᠶᠠᠷ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠬᠠᠷᠢᠶ᠎ᠠ ᠣᠷᠣᠨ ᠤ ᠪᠠᠨ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ᠂ ᠵᠢᠯ ᠪᠦᠷᠢ ᠨᠠᠭᠠᠳᠤ ᠵᠠᠬ᠎ᠠ ᠳᠠᠭᠠᠨ 1 ᠤᠳᠠᠭ᠎ᠠ ᠰᠣᠯᠪᠢᠴᠠᠭᠤᠯᠤᠨ ᠬᠠᠷᠢᠯᠴᠠᠨ ᠪᠠᠶᠢᠴᠠᠭᠠᠬᠤ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ᠂ 2 ᠤᠳᠠᠭ᠎ᠠ ᠬᠠᠤᠯᠢ ᠬᠡᠷᠡᠭᠵᠢᠭᠦᠯᠦᠨ ᠬᠢᠨᠠᠯᠲᠠ ᠲᠠᠯᠪᠢᠵᠤ ᠪᠠᠶᠢᠴᠠᠭᠠᠬᠤ ᠶᠢ ᠲᠣᠰ ᠲᠣᠰ ᠵᠣᠬᠢᠶᠠᠨ ᠪᠠᠶᠢᠭᠤᠯᠤᠨ ᠥᠷᠨᠢᠭᠦᠯᠵᠦ᠂ ᠡᠮ ‍ᠤᠨ‌ᠵᠦ᠋ᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠳᠣᠪᠤᠶᠢᠯᠭᠠᠨ᠎ᠠ᠃ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠠᠷᠭ᠎ᠠ ᠵᠠᠮ ᠢ ᠥᠷᠭᠡᠳᠬᠡᠵᠦ᠂ ︽ᠰᠦᠯᠵᠢᠶ᠎ᠡ + ᠪᠣᠳᠠᠲᠠᠶ ᠪᠣᠯᠪᠠᠰᠤᠷᠠᠭᠤᠯᠤᠯ + ᠭᠠᠳᠠᠭᠰᠢ ᠲᠣᠮᠢᠯᠠᠬᠤ︾ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠪᠥᠬᠦ ᠠᠶᠢᠮᠠᠭ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ ᠶᠡᠷᠦᠩᠬᠡᠶᠢᠯᠡᠭᠰᠡᠨ ᠬᠡᠪ ᠴᠢᠨᠠᠷ ᠪᠠ ᠲᠤᠰᠬᠠᠶᠢᠵᠢᠭᠰᠠᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠠᠷᠪᠠ︶ ᠬᠢᠲᠠᠳ ᠡᠮ ︵ᠮᠣᠩᠭᠤᠯ ᠡᠮ︶ ᠤᠨ ᠬᠥᠭᠵᠢᠯᠲᠡ ᠶᠢ ᠳᠡᠮᠵᠢᠨ᠎ᠡ᠃ ᠪᠥᠬᠦ ᠠᠶᠢᠮᠠᠭ ᠤᠨ ᠡᠮ ᠡᠮᠨᠡᠯᠭᠡ ᠶᠢᠨ ᠠᠵᠤ  ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠡᠮᠵᠢᠵᠦ᠂ ᠬᠢᠩᠭᠠᠨ ᠠᠶᠢᠮᠠᠭ ᠤᠨ ᠵᠢᠩᠬᠢᠨᠢ ᠡᠮ ᠤᠨ ᠮᠠᠲ᠋ᠧᠷᠢᠶᠠᠯ ᠳᠠᠷᠢᠬᠤ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠤᠨ GAP ᠪᠠᠷᠢᠮᠵᠢᠶ᠎ᠠ ᠶᠣᠰᠣᠭᠠᠷ ᠬᠡᠪᠴᠢᠶᠡᠵᠢᠭᠦᠯᠦᠨ᠂ ᠵᠢᠷᠤᠮᠵᠢᠭᠤᠯᠤᠨ ᠳᠠᠷᠢᠵᠤ ᠲᠡᠵᠢᠭᠡᠬᠦ ᠶᠢ ᠳᠡᠮᠵᠢᠨ ᠠᠬᠢᠭᠤᠯᠤᠨ᠎ᠠ᠃ ᠬᠢᠲᠠᠳ ᠡᠮ ︵ᠮᠣᠩᠭᠤᠯ ᠡᠮ︶ ᠤᠨ ᠲᠥᠷᠥᠯ ᠵᠦᠢᠯ ᠢ ᠰᠤᠳᠤᠯᠤᠨ ᠨᠡᠭᠡᠭᠡᠵᠦ ᠰᠠᠶᠢᠵᠢᠷᠠᠭᠤᠯᠬᠤ ᠶᠢ ᠳᠡᠮᠵᠢᠵᠦ᠂ ᠬᠢᠩᠭᠠᠨ ᠠᠶᠢᠮᠠᠭ ᠤᠨ ᠵᠢᠩᠬᠢᠨᠢ ᠡᠮ ᠤᠨ ᠮᠠᠲ᠋ᠧᠷᠢᠶᠠᠯ ᠤᠨ ᠠᠵᠤ  ᠦᠢᠯᠡᠰ ᠤᠨ ᠬᠡᠪᠴᠢᠶᠡᠵᠢᠬᠦ᠂ ᠪᠠᠷᠢᠮᠵᠢᠶᠠᠵᠢᠬᠤ᠂ ᠨᠠᠷᠠᠲᠤ ᠲᠥᠷᠥᠯ ᠲᠡᠮᠳᠡᠭᠵᠢᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠲᠠᠳ ᠬᠡᠷᠴᠢᠮ ᠡᠮ  ᠦᠢᠯᠡᠳᠪᠦᠷᠢᠯᠡᠬᠦ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠵᠢᠩᠬᠢᠨᠢ ᠡᠮ ᠤᠨ ᠮᠠᠲ᠋ᠧᠷᠢᠶᠠᠯ ᠤᠨ ᠡᠭᠦᠯᠳᠡᠷ ᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢ ᠠᠰᠢᠭᠯᠠᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠵᠦ᠂ ᠭᠤᠷᠪᠠᠳᠠᠬᠢ ᠡᠲᠡᠭᠡᠳ ᠤᠨ ᠬᠢᠲᠠᠳ ᠡᠮ ︵ᠮᠣᠩᠭᠤᠯ ᠡᠮ︶ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠪᠠᠶᠢᠭᠤᠯᠬᠤ ᠶᠢ ᠳᠡᠮᠵᠢᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠠᠷᠪᠠᠨ ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠮ ‍ᠤᠨ‌ᠵᠦ᠋ᠢᠯ ᠤᠨ ᠠᠮᠤᠷ ᠲᠦᠪᠰᠢᠨ ᠢᠯᠠᠩᠭᠤᠶ᠎ᠠ ᠸᠠᠺᠼᠢᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ ᠶᠢ ᠪᠠᠷᠢᠮᠲᠠᠯᠠᠨ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ  ᠭᠦᠢᠴᠡᠳᠭᠡᠬᠦ ᠶᠢ ᠪᠡᠶᠡᠯᠡᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠱᠠᠲᠤᠨ ᠤ ᠡᠮ ‍ᠤᠨ‌ᠵᠦ᠋ᠢᠯ ᠤᠨ ᠠᠮᠤᠷ ᠲᠦᠪᠰᠢᠨ ᠤ ᠵᠥᠪᠯᠡᠯ ᠢ ᠪᠠᠶᠢᠭᠤᠯᠤᠨ ᠪᠦᠷᠢᠨᠰᠢᠬᠦᠯᠵᠦ᠂ ᠡᠮ ‍ᠤᠨ‌ᠵᠦ᠋ᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠨ᠂ ᠢᠳᠡᠭᠡᠨ ᠪᠠ ᠡᠮ ‍ᠤᠨ‌ᠵᠦ᠋ᠢᠯ ᠤᠨ ᠠᠮᠤᠷ ᠲᠦᠪᠰᠢᠨ ᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠮ ᠤᠨ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠦᠨ᠂ ᠲᠣᠰ ᠭᠠᠵᠠᠷ ᠣᠷᠣᠨ ᠤ ᠡᠮ ᠤᠨ ᠵᠦᠢᠯ ᠤᠨ ᠠᠮᠤᠷ ᠲᠦᠪᠰᠢᠨ ᠤ ᠠᠵᠢᠯ ᠳᠤ ᠬᠠᠤᠯᠢ ᠶᠣᠰᠣᠭᠠᠷ ᠵᠣᠬᠢᠬᠤ  ᠬᠠᠷᠢᠭᠤᠴᠠᠯᠭ᠎ᠠ ᠡᠭᠦᠷᠭᠡᠯᠡᠨ᠎ᠡ᠃ ︵ᠲᠦᠷᠦᠭᠦᠯᠡᠬᠦ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    ︵ᠠᠷᠪᠠᠨ ᠬᠤᠶᠠᠷ︶ ᠵᠠᠰᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮ ᠤᠨ ᠵᠦᠢᠯ ᠤᠨ ᠠᠮᠤᠷ ᠲᠦᠪᠰᠢᠨ ᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠬᠠᠤᠯᠢ ᠲᠣᠭᠲᠠᠭᠠᠯ ᠶᠣᠰᠣᠭᠠᠷ ᠰᠤᠳᠤᠯᠤᠨ  ᠦᠢᠯᠡᠳᠴᠦ ᠰᠢᠨ᠎ᠡ ᠶᠢ ᠡᠭᠦᠳᠬᠦ᠂  ᠦᠢᠯᠡᠳᠪᠦᠷᠢᠯᠡᠵᠦ ᠡᠵᠡᠩᠨᠡᠬᠦ ᠵᠡᠷᠭᠡ ᠠᠵᠢᠯᠯᠠᠭ᠎ᠠ ᠥᠷᠨᠢᠭᠦᠯᠬᠦ ᠳᠤ ᠬᠢᠨᠠᠯᠲᠠ ᠲᠠᠯᠪᠢᠨ᠎ᠠ᠃ ᠡᠮ ᠤᠨ ᠵᠦᠢᠯ ᠤᠨ ᠠᠵᠢᠯ ᠲᠥᠷᠥᠯ ᠤᠨ ᠨᠡᠶᠢᠭᠡᠮᠯᠢᠭ ᠤᠨ ᠵᠢᠷᠤᠮᠵᠢᠯ ᠲᠠᠢ ᠬᠥᠭᠵᠢᠬᠦ᠂  ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠨᠡᠷᠡᠰ ᠢ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠢᠯᠡ ᠨᠡᠶᠢᠲᠡᠯᠡᠬᠦ ᠲᠦᠷᠢᠮ᠂ ᠢᠲᠡᠭᠡᠮᠵᠢ ᠶᠢ ᠰᠡᠷᠭᠦᠭᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠢᠲᠡᠭᠡᠮᠵᠢ ᠶᠢᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠭᠤᠤᠯ ᠵᠠᠭᠤᠴᠢᠯᠠᠭᠤᠷ ᠤᠨ ᠡᠮ ᠤᠨ ᠵᠦᠢᠯ ᠤᠨ ᠠᠮᠤᠷ ᠲᠦᠪᠰᠢᠨ ᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠬᠢᠭᠡᠳ ᠡᠮᠴᠢᠯᠡᠭᠡᠨ ᠤ ᠬᠠᠮᠢᠶᠠᠷᠤᠯᠲᠠ᠂ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠵᠣᠯᠭᠠᠭᠤᠯᠤᠨ ᠬᠡᠷᠡᠭᠯᠡᠬᠦ ᠶᠢ ᠴᠢᠬᠤᠯᠠᠴᠢᠯᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠂ ᠡᠮ ᠤᠨ ᠵᠦᠢᠯ ᠤᠨ ᠠᠮᠤᠷ ᠲᠦᠪᠰᠢᠨ ᠵᠠᠰᠠᠬᠤ ᠬᠠᠮᠳᠤᠷᠠᠯ ᠤᠨ ᠬᠦᠴᠦᠨ ᠢ ᠪᠦᠷᠢᠯᠳᠦᠭᠦᠯᠦᠨ᠎ᠡ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠶᠢᠮᠠᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠠᠷᠪᠠᠨ ᠭᠤᠷᠪᠠ︶ ᠪᠠᠲᠤᠯᠠᠭ᠎ᠠ ᠳᠡᠮᠵᠢᠯᠭᠡ ᠶᠢ ᠴᠢᠩᠭᠠᠷᠠᠭᠤᠯᠤᠨ᠎ᠠ᠃ ᠡᠮ ᠤᠨ ᠵᠦᠢᠯ ᠢ ᠬᠢᠨᠠᠨ ᠬᠠᠮᠢᠶᠠᠷᠬᠤ ᠠᠵᠢᠯ ᠤᠨ ᠣᠨᠴᠠᠯᠢᠭ ᠲᠤ ᠳᠣᠭᠢᠷᠠᠬᠤ ᠵᠠᠷᠤᠳᠠᠯ ᠤᠨ ᠲᠥᠷᠥ ᠶᠢᠨ ᠪᠣᠳᠣᠯᠭ᠎ᠠ ᠶᠢ ᠰᠢᠨ᠎ᠡ ᠪᠠᠷ ᠡᠭᠦᠳᠦᠨ ᠲᠡᠭᠦᠯᠳᠡᠷᠵᠢᠭᠦᠯᠵᠦ᠂ ᠡᠮ ᠤᠨ ᠵᠦᠢᠯ ᠢ ᠬᠢᠨᠠᠨ ᠬᠠᠮᠢᠶᠠᠷᠬᠤ ᠵᠠᠷᠤᠳᠠᠯ ᠢ ᠵᠦᠶ ᠵᠣᠬᠢᠰᠲᠠᠶ ᠳᠣᠭᠢᠷᠠᠭᠤᠯᠤᠨ᠂ ᠲᠤᠭ᠎ᠠ ᠶᠣᠰᠣᠭᠠᠷ ᠪᠠᠲᠤᠯᠠᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠡᠮ ᠤᠨ ᠵᠦᠢᠯ ᠢ ᠬᠢᠨᠠᠨ ᠬᠠᠮᠢᠶᠠᠷᠬᠤ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠳᠣᠭᠢᠷᠠᠭᠤᠯᠬᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠡᠮ ‍ᠤᠨ‌ᠵᠦ᠋ᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠢ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠂ ᠲᠣᠰ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠡᠮ ‍ᠤᠨ‌ᠵᠦ᠋ᠢᠯ ᠤᠨ ᠠᠮᠤᠷ ᠲᠦᠪᠰᠢᠨ ᠤ ᠡᠳ᠋ ᠤᠨ ᠵᠠᠰᠠᠭ ᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠡᠮ ‍ᠤᠨ‌ᠵᠦ᠋ᠢᠯ ᠤᠨ ᠠᠮᠤᠷ ᠲᠦᠪᠰᠢᠨ ᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠳᠤᠯᠠᠨ᠎ᠠ᠃ ︵ᠲᠦᠷᠦᠭᠦᠯᠡᠬᠦ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶                
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号