ᠲᠠᠯ᠎ᠠ ᠨᠤᠲᠤᠭ ᠤᠨ ᠰᠠᠬᠢᠭᠴᠢ
ᠨᠡᠶᠢᠲᠡᠯᠡᠭᠰᠡᠨ ᠴᠠᠭ᠄
2023/3/17
   ᠬᠠᠪᠤᠷ ᠤᠨ ᠡᠬᠢ ᠪᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠯ᠎ᠠ ᠨᠤᠲᠤᠭ ᠲᠤ ᠮᠥᠨᠬᠦ ᠬᠠᠬᠢᠷ ᠬᠦᠢᠳᠡᠨ ᠢᠶᠠᠷ ᠢᠶᠠᠨ ᠪᠠᠶᠢᠵᠤ᠂ ᠨᠢᠭᠡᠨ ᠰᠠᠯᠠᠭ᠎ᠠ ᠴᠠᠭᠳᠠᠨ ᠰᠡᠷᠭᠡᠶᠢᠯᠡᠬᠦ ᠠᠩᠬᠢ ᠨᠡᠯᠦᠭᠡᠷ ᠶᠡᠭᠡ ᠴᠠᠰᠤᠨ ᠤ ᠳᠤᠮᠳᠠᠭᠤᠷ ᠰᠦᠯᠵᠢᠯᠳᠦᠵᠦ ᠪᠠᠶᠢᠪᠠ᠂ ᠡᠨᠡ ᠪᠣᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠲᠠᠯ᠎ᠠ ᠨᠤᠲᠤᠭ ᠢ ᠰᠠᠬᠢᠨ ᠪᠠᠷᠠᠯᠠᠬᠤ︾ ᠴᠠᠭᠳᠠᠨ ᠰᠡᠷᠭᠡᠶᠢᠯᠡᠬᠦ ᠠᠩᠬᠢ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠠᠮᠲᠤ ᠪᠠᠷ ᠬᠢᠯᠢ ᠬᠢᠵᠠᠭᠠᠷ ᠣᠷᠣᠨ ᠢᠶᠠᠷ ᠲᠣᠭᠤᠷᠢᠨ ᠪᠠᠶᠢᠴᠠᠭᠠᠵᠤ ᠪᠠᠶᠢᠭ᠎ᠠ ᠶᠠᠪᠤᠳᠠᠯ ᠪᠣᠯᠤᠨ᠎ᠠ᠃ ᠲᠡᠳᠡ ᠨᠠᠷᠢᠨ ᠠᠵᠢᠭᠯᠠᠵᠤ᠂ ᠬᠢᠯᠢ ᠶᠢᠨ ᠱᠤᠭᠤᠮ ᠳᠡᠭᠡᠷᠡᠬᠢ ᠪᠤᠶ ᠪᠦᠬᠦᠢ ᠶᠡᠷᠦ ᠪᠤᠰᠤ ᠶᠢᠨ ᠪᠠᠶᠢᠳᠠᠯ ᠢ ᠠᠩᠬᠠᠷᠴᠤ ᠪᠠᠶᠢᠪᠠ᠃    ︽ᠲᠠᠯ᠎ᠠ ᠨᠤᠲᠤᠭ ᠢ ᠰᠠᠬᠢᠨ ᠪᠠᠷᠠᠯᠠᠬᠤ︾ ᠲᠣᠭᠤᠷᠢᠨ ᠰᠡᠷᠭᠡᠶᠢᠯᠡᠬᠦ ᠠᠩᠬᠢ 2018 ᠣᠨ ᠳᠤ ᠪᠠᠶᠢᠭᠤᠯᠤᠭᠳᠠᠵᠤ᠂ ᠭᠠᠴᠠᠭᠠᠨ ᠤ ᠺᠠᠳ᠋ᠷ᠂ ᠴᠡᠷᠢᠭ ᠠᠴᠠ ᠬᠠᠯᠠᠭᠳᠠᠭᠰᠠᠳ᠂ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ᠂ ᠵᠠᠯᠠᠭᠤ ᠮᠠᠯᠴᠢᠨ ᠵᠡᠷᠭᠡ 200 ᠭᠠᠷᠤᠢ ᠬᠥᠮᠦᠨ ᠢᠶᠠᠷ ᠪᠦᠷᠢᠯᠳᠦᠵᠦ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠨᠢᠭᠡᠳᠦᠯᠲᠡᠢ ᠵᠢᠯᠤᠭᠤᠳᠤᠯᠭ᠎ᠠ ᠳᠣᠣᠷ᠎ᠠ᠂ ᠳᠡᠳᠡ ᠬᠠᠷᠢᠶ᠎ᠠ ᠣᠷᠣᠨ ᠤ ᠪᠠᠨ ᠠᠮᠤᠷ ᠲᠦᠪᠰᠢᠨ ᠤ ᠪᠦᠳᠦᠬᠡᠨ ᠪᠠᠶᠢᠭᠤᠯᠤᠯᠲᠠ᠂ ᠬᠢᠯᠢ ᠶᠢᠨ ᠣᠷᠣᠨ ᠤ ᠬᠠᠮᠢᠶᠠᠷᠤᠨ ᠡᠵᠡᠮᠳᠡᠬᠦ ᠰᠢᠰᠲ᠋ᠧᠮ ᠤᠨ ᠪᠦᠳᠦᠬᠡᠨ ᠪᠠᠶᠢᠭᠤᠯᠤᠯᠲᠠ ᠳᠤ ᠥᠷᠭᠡᠨ ᠢᠶᠠᠷ ᠣᠷᠣᠯᠴᠠᠵᠠᠢ᠃ ᠪᠠᠶᠢᠭᠤᠯᠤᠭᠳᠠᠭᠰᠠᠨ ᠠᠴᠠ ᠨᠠᠰᠢ᠂ ︽ᠲᠠᠯ᠎ᠠ ᠨᠤᠲᠤᠭ ᠢ ᠰᠠᠬᠢᠨ ᠪᠠᠷᠠᠯᠠᠬᠤ︾ ᠲᠣᠭᠤᠷᠢᠨ ᠰᠡᠷᠭᠡᠶᠢᠯᠡᠬᠦ ᠠᠩᠬᠢ ᠶᠢᠨ ᠬᠢᠨ ᠲᠣᠮᠢᠯᠠᠭᠰᠠᠨ ᠰᠠᠯᠪᠤᠷᠢ ᠳᠤ ᠬᠠᠷᠢᠶ᠎ᠠ ᠣᠷᠣᠨ ᠤ ᠨᠡᠶᠢᠭᠡᠮ ᠤᠨ ᠪᠠᠶᠢᠳᠠᠯ ᠤᠨ ᠮᠡᠳᠡᠭᠡ ᠵᠠᠩᠭᠢ ᠶᠢ ᠮᠢᠩᠭ᠎ᠠ ᠭᠠᠷᠤᠢ ᠵᠤᠷᠪᠤᠰ ᠬᠠᠩᠭᠠᠵᠤ᠂ ᠬᠡᠷᠡᠭ ᠤᠨ ᠰᠦᠪᠡᠭᠴᠢ ᠶᠢ 110 ᠭᠠᠷᠤᠢ ᠵᠤᠷᠪᠤᠰ ᠬᠠᠩᠭᠠᠵᠤ᠂ 3 ᠡᠷᠡᠭᠦᠦ ᠶᠢᠨ ᠬᠡᠷᠡᠭ ᠢ ᠬᠠᠪᠰᠤᠷᠤᠨ ᠢᠯᠡᠷᠡᠭᠦᠯᠵᠦ᠂ ᠰᠦᠯᠵᠢᠶᠡᠨ ᠳᠡᠭᠡᠷ᠎ᠡ ᠤᠷᠭᠤᠨ ᠳᠤᠲᠠᠭᠠᠭᠰᠠᠳ ᠢ 5 ᠪᠠᠷᠢᠪᠴᠢᠯᠠᠵᠤ᠂ ᠠᠶᠤᠯ ᠳᠤ ᠤᠴᠠᠷᠠᠭᠰᠠᠳ ᠢ ᠨᠡᠶᠢᠳᠡ 200 ᠭᠠᠷᠤᠢ ᠬᠥᠮᠦᠨ ᠤᠳᠠᠭ᠎ᠠ ᠠᠪᠤᠷᠠᠨ ᠲᠤᠰᠠᠯᠠᠬᠤ ᠳᠤ ᠣᠷᠣᠯᠴᠠᠵᠤ᠂ 12 ᠤᠳᠠᠭ᠎ᠠ ᠭᠠᠯ ᠤᠨ ᠭᠠᠮᠰᠢᠭ ᠢ ᠤᠨᠲᠠᠷᠠᠭᠠᠬᠤ ᠳᠤ ᠣᠷᠣᠯᠴᠠᠵᠤ᠂ ᠮᠠᠯᠴᠢᠨ ᠲᠦᠮᠡᠨ ᠳᠤ 200 ᠭᠠᠷᠤᠢ ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠵᠤ᠂ ᠬᠢᠯᠢ ᠶᠢᠨ ᠰᠡᠷᠭᠡᠶᠢᠯᠡᠨ ᠡᠵᠡᠮᠳᠡᠬᠦ ᠳᠤᠮᠳᠠ ᠳᠤᠲᠠᠭᠳᠠᠵᠤ ᠪᠣᠯᠤᠰᠢ ᠦᠭᠡᠢ ᠴᠢᠬᠤᠯᠠ ᠬᠦᠴᠦᠨ ᠪᠣᠯᠤᠭᠰᠠᠨ ᠪᠠᠶᠢᠨ᠎ᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号