ᠪᠥᠬᠦ ᠠᠶᠢᠮᠠᠭ ᠤᠨ 6 ᠵᠤᠭᠠᠴᠠᠯ ᠤᠨ ᠦᠵᠡᠮᠵᠢ ᠶᠢᠨ ᠣᠷᠣᠨ ᠤ 6 ᠵᠤᠭᠠᠴᠠᠯ ᠤᠨ ᠵᠣᠴᠢᠯᠠᠬᠤ ᠡᠷᠦᠬᠡ ᠣᠨᠴᠠ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2023/3/17
   ᠲᠦᠷᠦᠭᠦᠬᠡᠨ᠂ ᠰᠤᠷᠪᠤᠯᠵᠢᠯᠠᠭᠴᠢ ᠬᠢᠩᠭᠠᠨ ᠠᠶᠢᠮᠠᠭ ᠤᠨ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠣᠶᠢᠯᠠᠭᠠᠭᠰᠠᠨ ᠨᠢ᠂ ᠮᠠᠨ ᠤ ᠠᠶᠢᠮᠠᠭ ᠤᠨ ᠪᠠᠰᠠ 6 ᠵᠤᠭᠠᠴᠠᠯ ᠤᠨ ᠦᠵᠡᠮᠵᠢ ᠶᠢᠨ ᠣᠷᠣᠨ ᠨᠢ ᠤᠯᠤᠰ ᠤᠨ 2A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ 6 ᠵᠣᠴᠢᠯᠠᠬᠤ‌ᠡᠷᠦᠬᠡ ᠨᠢ ᠥᠪᠡᠷᠲᠡᠭᠡᠨ ᠵᠠᠰᠠᠬᠤ ᠣᠷᠣᠨ ᠤ ᠭᠤᠷᠪᠠᠨ ᠤᠳᠤᠨ᠂ ᠳᠥᠷᠪᠡᠨ ᠣᠳᠣᠨ ᠲᠠᠰ ᠤᠨ ᠬᠥᠳᠡᠭᠡ ᠲᠣᠰᠬᠤᠨ ︵ᠮᠠᠯᠵᠢᠬᠤ ᠣᠷᠣᠨ︶ ᠤ ᠵᠣᠴᠢᠯᠠᠭᠴᠢ ᠡᠷᠦᠬᠡ ᠪᠠᠷ ᠦᠨᠡᠯᠡᠭᠳᠡᠵᠡᠶ᠃    ᠲᠣᠰ ᠤᠳᠠᠭ᠎ᠠ᠂ ᠤᠯᠤᠰ ᠤᠨ 2A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠭᠰᠡᠨ ᠨᠢ ᠲᠦᠴᠢᠦᠸᠠᠨ ᠰᠢᠶᠠᠨ ᠤ ᠵᠢᠤᠢ ᠮᠧᠶ ᠾᠧᠩ ᠭᠦᠸᠧ ᠳᠥᠷᠪᠡᠨ ᠤᠯᠠᠷᠢᠯ ᠤᠨ ᠵᠢᠮᠢᠰ ᠲᠡᠭᠦᠬᠦ ᠬᠦᠷᠢᠶᠡᠯᠡᠩ᠂  ᠡᠮᠳᠤ  ᠣᠶ ᠰᠢᠭᠤᠶ ᠶᠢᠨ ᠭᠠᠵᠠᠷ ᠰᠢᠨᠵᠢᠯᠡᠭᠡᠨ ᠤ ᠴᠡᠴᠡᠷᠯᠢᠭ᠂ ᠷᠠᠰᠢᠶᠠᠨ ᠤ ᠪᠠᠢ ᠯᠠᠩ  ᠣᠶ ᠶᠢᠨ ᠦᠵᠡᠮᠵᠢ ᠶᠢᠨ ᠣᠷᠣᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠠᠰᠤᠲᠤ ᠲᠣᠰᠬᠤᠨ ᠤ ᠴᠠᠰᠤᠨ ᠳᠤ ᠭᠤᠯᠭᠤᠬᠤ ᠲᠠᠯᠠᠪᠠᠶ᠂ ᠵᠠᠯᠠᠶᠢᠳ ᠬᠤᠰᠢᠭᠤᠨ ᠤ ᠪᠠᠶᠠᠨᠲᠠᠯ᠎ᠠ ᠭᠤᠤᠯ ᠤᠨ ᠬᠥᠨᠳᠡᠶ ᠶᠢᠨ ᠨᠢᠭᠤᠴᠠ ᠣᠷᠣᠨ ᠤ ᠦᠵᠡᠮᠵᠢ ᠶᠢᠨ ᠣᠷᠣᠨ᠂ ᠤᠯᠠᠭᠠᠨᠬᠤᠲᠠ ᠶᠢᠨ  ᠲᠤᠭᠤᠷ ᠤᠨ ᠭᠤᠤᠯ ᠤᠯᠤᠰ ᠤᠨ ᠨᠤᠭᠤ ᠭᠠᠵᠠᠷ ᠤᠨ ᠴᠡᠴᠡᠷᠯᠢᠭ ᠪᠣᠯᠤᠨ᠎ᠠ᠃    ᠡᠭᠦᠨ ᠤ ᠬᠠᠮᠲᠤ᠂ ᠵᠠᠯᠠᠶᠢᠳ ᠬᠤᠰᠢᠭᠤᠨ ᠤ ᠬᠠᠨ ᠳᠠᠯᠠᠢ ᠮᠣᠩᠭᠤᠯ ᠤᠨ ᠠᠮᠠᠷᠠᠯᠲᠠ ᠶᠢᠨ ᠲᠣᠰᠬᠤᠨ ᠪᠠ ᠷᠠᠰᠢᠶᠠᠨ ᠤ ᠯᠢᠨ ᠲᠠᠢ  ᠬᠤᠪᠢ ᠶᠢᠨ ᠪᠠᠭᠤᠳᠠᠯ ᠨᠢ ᠥᠪᠡᠷᠲᠡᠭᠡᠨ ᠵᠠᠰᠠᠬᠤ ᠣᠷᠣᠨ ᠤ ᠳᠥᠷᠪᠡᠨ ᠣᠳᠣᠨ ᠲᠠᠰ ᠤᠨ ᠬᠥᠳᠡᠭᠡ ᠲᠣᠰᠬᠤᠨ ︵ᠮᠠᠯᠵᠢᠬᠤ ᠣᠷᠣᠨ︶ ᠤ ᠵᠤᠭᠠᠴᠠᠯ ᠤᠨ ᠵᠣᠴᠢᠯᠠᠬᠤ ᠡᠷᠦᠬᠡ ᠪᠠᠷ ᠦᠨᠡᠯᠡᠭᠳᠡᠪᠡ︔ ᠲᠦᠴᠢᠦᠸᠠᠨ ᠰᠢᠶᠠᠨ ᠤ ᠯᠢᠦ  ᠬᠤ᠋ ᠪᠠᠯᠭᠠᠰᠤᠨ ᠤ  ᠵᠧᠨ ᠶᠣᠣ ᠨᠢᠦ ᠲᠠᠷᠢᠶᠠᠴᠢᠨ ᠠᠶᠢᠯ ᠤᠨ ᠵᠤᠭᠠᠴᠠᠯ᠂ ᠵᠠᠯᠠᠶᠢᠳ ᠬᠤᠰᠢᠭᠤᠨ ᠤ ᠵᠤᠭᠠᠴᠠᠯ ᠤᠨ ᠪᠠᠭᠤᠳᠠᠯ᠂ ᠵᠠᠯᠠᠶᠢᠳ ᠬᠤᠰᠢᠭᠤᠨ ᠤ ᠲᠢᠶᠠᠨ ᠶᠤᠸᠠᠨ ᠯᠢᠶᠠᠩ ᠢᠳᠡᠭᠡᠨ ᠤ ᠰᠢᠯᠭᠠᠨ ᠪᠠᠶᠢᠴᠠᠭᠠᠬᠤ ᠣᠷᠳᠣᠨ᠂ ᠤᠯᠠᠭᠠᠨᠬᠤᠲᠠ ᠶᠢᠨ ᠰᠠᠨ ᠾᠧ ᠠᠶᠢᠯ ᠤᠨ ᠲᠠᠷᠢᠶᠠᠴᠢᠨ ᠠᠶᠢᠯ ᠤᠨ ᠵᠤᠭᠠᠴᠠᠯ ᠤᠨ ᠪᠠᠭᠤᠳᠠᠯ ᠥᠪᠡᠷᠲᠡᠭᠡᠨ ᠵᠠᠰᠠᠬᠤ ᠣᠷᠣᠨ ᠤ ᠭᠤᠷᠪᠠᠨ ᠤᠳᠤᠨ ᠳᠡᠰ ᠤᠨ ᠬᠥᠳᠡᠭᠡ ᠲᠣᠰᠬᠤᠨ ︵ᠮᠠᠯᠵᠢᠬᠤ ᠣᠷᠣᠨ︶ ᠤ ᠵᠣᠴᠢᠯᠠᠬᠤ ᠡᠷᠦᠬᠡ ᠪᠠᠷ ᠦᠨᠡᠯᠡᠭᠳᠡᠪᠡ᠃    ᠣᠲᠣ ᠪᠣᠯᠲᠠᠯ᠎ᠠ᠂ ᠪᠥᠬᠦ ᠠᠶᠢᠮᠠᠭ ᠤᠨ A ᠲᠠᠰ ᠤᠨ ᠦᠵᠡᠮᠵᠢ ᠶᠢᠨ ᠣᠷᠣᠨ ᠨᠡᠶᠢᠲᠡ 36 ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ︵ᠮᠠᠯᠵᠢᠬᠤ ᠣᠷᠣᠨ︶ ᠤ ᠵᠤᠭᠠᠴᠠᠯ ᠤᠨ ᠭᠥᠯᠢᠶᠡᠨ ᠠᠪᠬᠤ ᠡᠷᠦᠬᠡ 39 ᠪᠠᠶᠢᠨ᠎ᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号