ᠬᠢᠩᠭᠠᠨ ᠠᠶᠢᠮᠠᠭ ᠤᠨ ᠪᠦᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/17
   3 ᠳ᠋ᠤᠭᠠᠷ ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ ᠪᠥᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ  ᠬᠤᠷᠠᠯ ᠬᠤᠷᠠᠯᠳᠤᠪᠠ  ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠠᠶᠢᠮᠠᠭ ᠤᠨ ᠳᠠᠷᠤᠭ᠎ᠠ ᠰᠦᠬᠡ ᠬᠤᠷᠠᠯ ᠡᠷᠭᠢᠯᠡᠵᠦ᠂ ᠰᠢᠤᠢ ᠵᠦᠸᠧ᠂ ᠯᠢᠦ  ᠱᠦ ᠴᠧᠩ ᠵᠡᠷᠭᠡ ᠠᠶᠢᠮᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃    ᠵᠠᠩ ᠰᠢᠶᠤᠤ ᠪᠢᠩ᠂ ᠪᠦᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠤᠨ  ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ  ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠪᠣᠯᠤᠨ᠎ᠠ᠃ ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠤᠯᠤᠰ ᠲᠤᠮᠤ ᠬᠡᠮᠡᠭᠴᠢ︾ ᠢ ᠪᠠᠲᠤ ᠴᠡᠭᠡᠵᠢᠯᠡᠵᠦ᠂ ᠪᠦᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠶᠢᠨ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠡᠭᠦᠳᠦᠨ ᠪᠠᠶᠢᠭᠤᠯᠬᠤ ᠠᠭᠤᠯᠤᠭᠳᠠᠬᠤᠨ ᠢ ᠭᠦᠨᠵᠡᠭᠡᠶᠢᠷᠡᠭᠦᠯᠵᠦ᠂ ᠡᠭᠦᠳᠦᠨ ᠪᠠᠶᠢᠭᠤᠯᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠢ ᠴᠣᠭᠴᠠᠯᠠᠨ ᠪᠠᠶᠢᠭᠤᠯᠬᠤ ᠠᠵᠢᠯ ᠤᠨ ᠲᠦᠷᠦᠭᠦᠨ ᠳᠤ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠠᠩ ᠰᠢᠶᠣᠤ ᠪᠢᠩ᠄ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠶᠡᠬᠡᠪᠡᠷ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠨ ᠪᠠᠶᠢᠭᠤᠯᠬᠤ ᠤᠬᠠᠮᠰᠠᠷ ᠤᠨ  ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠡᠭᠦᠳᠦᠨ ᠪᠠᠶᠢᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠭᠤᠷᠪᠠ ᠶᠢ ᠲᠦᠷᠦᠭᠦᠯᠡᠨ᠂ ᠵᠢᠷᠭᠤᠭ᠎ᠠ ᠶᠢ ᠣᠷᠣᠭᠤᠯᠬᠤ︾ ᠶᠢ ᠪᠡᠶᠡᠯᠡᠭᠦᠯᠬᠦ ᠬᠡᠷᠡᠭᠲᠡᠶ᠃ ᠰᠢᠨ᠎ᠡ ᠶᠢ ᠡᠭᠦᠳᠬᠦ ᠪᠠᠷ ᠴᠢᠷᠮᠠᠶᠢᠬᠤ ᠳᠠᠭᠠᠨ ᠴᠢᠳᠠᠮᠠᠭᠠᠢ ᠪᠠᠶᠢᠵᠤ᠂ ᠱᠠᠯᠠᠪᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ︽ᠦᠨᠳᠦᠰᠦᠲᠡᠨ ᠤ ᠠᠵᠢᠯ +︾ ᠤᠢᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠤᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ᠂ ᠳᠦᠷᠢ ᠲᠠᠢ ᠳᠦᠷᠦᠭᠳᠡᠯ ᠲᠠᠢ ᠪᠦᠲᠦᠮᠵᠢᠲᠡᠢ ᠠᠵᠢᠯᠯᠠᠭᠠᠨ ᠤ ᠠᠴᠢᠶᠠᠯᠠᠪᠤᠷᠢ ᠶᠢ ᠡᠭᠦᠳᠴᠦ᠂ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠨᠢᠳᠦᠨ ᠳᠤ ᠦᠵᠡᠭᠳᠡᠵᠦ᠂ ᠭᠠᠷ ᠲᠤ ᠪᠠᠷᠢᠭᠳᠠᠵᠤ᠂ ᠪᠦᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠤᠨ  ᠵᠢᠱᠢᠶ᠎ᠡ ᠦᠵᠡᠭᠦᠯᠬᠦ ᠠᠶᠢᠮᠠᠭ ᠢ ᠴᠣᠭᠴᠠᠯᠠᠨ ᠪᠠᠶᠢᠭᠤᠯᠬᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠦᠨᠡᠨᠬᠦ ᠨᠢᠭᠲᠠᠷᠠᠭᠤᠯᠬᠤ ᠬᠡᠷᠡᠭᠲᠡᠢ ᠭᠡᠪᠡ᠃    ᠬᠤᠷᠠᠯ ᠨᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠶᠠᠪᠤᠭᠳᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号