ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ 2023 ᠣᠨ ᠤ ᠬᠤᠶᠠᠳᠤᠭᠠᠷ ᠤᠳᠠᠭ᠎ᠠ ᠶᠢᠨ ᠡᠷᠬᠢᠯᠡᠭᠴᠢᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/17
   3 ᠰᠠᠷ᠎ᠠ ᠶᠢᠨ 14 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ‍ᠤᠨ‌ᠠᠵᠢᠯ ᠤᠨ ᠵᠥᠪᠯᠡᠯ2023 ᠣᠨ ᠤ ᠬᠤᠶᠠᠳᠤᠭᠠᠷ ᠤᠳᠠᠭᠠᠨ ᠤ ᠡᠷᠬᠢᠯᠡᠭᠴᠢᠳ ᠤᠨ ᠬᠤᠷᠠᠯ ᠬᠤᠷᠠᠯᠳᠤᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ  ᠵᠦᠸᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠳᠡᠳ᠋ ᠡᠷᠬᠢᠯᠡᠭᠴᠢ ᠲᠦᠩ ᠪᠦᠷᠢᠨ᠂ ᠪᠦᠦ ᠰᠢᠨ ᠮᠢᠨ᠂ ᠯᠢ ᠰᠢᠶᠤᠤ ᠭᠤᠸᠠᠩ᠂ ᠭᠦᠸᠧ ᠲᠠᠩ᠂ ᠯᠢᠦ ᠵᠥᠩ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ  ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠲᠡᠭᠦᠰᠬᠦ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ  ᠰᠢ ᠶᠢᠨ ᠫᠢᠩ  ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭᠠᠨ ᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠩᠭᠠᠨ ᠠᠶᠢᠮᠠᠭ ᠤᠨ ᠠᠵᠢᠯ ᠤᠨ ᠵᠥᠪᠯᠡᠯ ᠤᠨ ᠠᠩᠬᠠᠳᠤᠭᠠᠷ ᠬᠤᠷᠠᠯ ᠤᠨ ᠵᠥᠪᠯᠡᠬᠦ ᠵᠦᠢᠯ ᠢ ᠰᠤᠳᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠵᠢᠯ ᠤᠨ ᠬᠢᠨᠠᠯᠲᠠ ᠲᠠᠯᠪᠢᠬᠤ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠶᠢᠨ ᠲᠣᠭᠤᠷᠢᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠶᠢ ᠢᠯᠡᠷᠡᠭᠦᠯᠬᠦ ᠬᠡᠷᠡᠭᠲᠡᠢ ᠭᠡᠪᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号