ᠬᠢᠩᠭᠠᠨ ᠠᠶᠢᠮᠠᠭ ︽3 · 15︾ ᠤ ᠤᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2023/3/17
    3 ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠯᠢ ᠰᠢᠶᠤᠤ ᠭᠤᠸᠠᠩ᠂ ᠠᠶᠢᠮᠠᠭ ᠤᠨ ᠳᠡᠳ᠋ ᠳᠠᠷᠤᠭ᠎ᠠ ᠾᠧ ᠸᠧᠶ ᠯᠢ ︽ᠬᠡᠷᠡᠭᠯᠡᠭᠡᠨ ᠤ ᠢᠲᠡᠭᠡᠯ ᠵᠣᠷᠢᠭ ᠢ ᠬᠥᠪᠴᠢᠯᠡᠵᠦ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ︾ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ᠃    ᠬᠤᠷᠠᠯ ᠠᠴᠠ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ︽ᠬᠡᠷᠡᠭᠯᠡᠭᠡᠨ ᠤ ᠢᠲᠡᠭᠡᠯ ᠵᠣᠷᠢᠭ ᠢ ᠬᠥᠪᠴᠢᠯᠡᠬᠦ︾ ᠡᠷᠬᠡ ᠠᠰᠢᠭ ᠢᠶᠠᠨ ᠬᠠᠮᠠᠭᠠᠯᠠᠬᠤ ᠣᠨ ᠤ ᠭᠤᠣᠯ ᠠᠭᠤᠯᠬᠤᠨ ᠪᠠ ᠬᠠᠷᠠᠯᠲᠠ ᠶᠢ ᠤᠬᠠᠭᠤᠯᠤᠨ ᠲᠠᠶᠢᠯᠪᠤᠷᠢᠯᠠᠵᠤ᠂ 2022 ᠣᠨ ᠤ ᠪᠥᠬᠦ ᠠᠶᠢᠮᠠᠭ ᠤᠨ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠵᠠᠭᠠᠯᠳᠤᠯᠭ᠎ᠠ ᠶᠢ ᠭᠥᠯᠢᠶᠡᠨ ᠠᠪᠴᠤ ᠵᠠᠳᠠᠯᠤᠨ ᠰᠢᠨᠵᠢᠯᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ 7 ︽ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ  ᠨᠢᠭᠡᠴᠢ︾ ᠶᠢᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠪᠡᠶᠡᠴᠢ ᠴᠣᠭᠴᠠ ᠶᠢ ᠬᠥᠬᠢᠭᠦᠯᠦᠨ ᠰᠠᠶᠢᠰᠢᠶᠠᠵᠤ᠂ ᠬᠢᠩᠭᠠᠨ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠲᠣᠰ ᠲᠣᠰ ᠬᠦᠷᠢᠶ᠎ᠡ ᠴᠠᠷᠠᠭ᠎ᠠ ᠶᠢᠨ ᠢᠶᠠᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠪᠠᠶᠢᠳᠠᠯ ᠢ ᠨᠡᠶᠢᠲᠡᠯᠡᠪᠡ᠃ 2022 ᠣᠨ ᠳᠤ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠬᠡᠷᠡᠭᠯᠡᠭᠴᠢᠳ ᠤᠨ ᠵᠥᠪᠯᠡᠯᠭᠡ᠂ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠨᠡᠶᠢᠲᠡ 2659 ᠬᠤᠪᠢ ᠭᠥᠯᠢᠶᠡᠨ ᠠᠪᠴᠤ᠂ ᠬᠡᠷᠡᠭᠯᠡᠭᠴᠢᠳ ᠲᠤ 83.6 ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠭᠰᠠᠨ ᠪᠠᠶᠢᠨ᠎ᠠ᠃ ᠡᠭᠦᠨ ᠤ ᠵᠡᠷᠭᠡ ᠳᠤ᠂ ︽ᠰᠦᠯᠵᠢᠶᠡᠨ ᠭᠠᠳᠠᠨᠠᠬᠢ ᠰᠢᠯᠲᠠᠭᠠᠨ ᠥᠬᠡᠶ ᠪᠠᠷ ᠪᠠᠷᠠᠭ᠎ᠠ ᠪᠤᠴᠠᠭᠠᠬᠤ ᠠᠮᠠᠯᠠᠯᠲᠠ ᠶᠢᠨ ᠳᠡᠯᠭᠡᠭᠦᠷ︾ ︽ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ  ᠨᠢᠭᠡᠴᠢ︾ ︽ODR ᠠᠵᠤ ᠠᠬᠤᠶᠢᠯᠠᠯ︾ ᠤᠨ ᠲᠤᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ ᠤᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠨᠠᠩ ᠬᠦᠴᠦᠲᠡᠶ ᠬᠠᠮᠠᠭᠠᠯᠠᠪᠠ᠃    ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠭᠤᠳᠠᠮ ᠲᠠᠯᠠᠪᠠᠶ ᠳᠤ ᠬᠦᠷᠴᠦ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠵᠤ᠂ ᠬᠡᠷᠡᠭᠯᠡᠭᠡᠨ ᠤ ᠬᠠᠭᠤᠳᠠᠰᠤ ᠲᠠᠷᠬᠠᠭᠠᠬᠤ  ᠵᠡᠷᠭᠡ ᠬᠡᠯᠪᠡᠷᠢ ᠪᠠᠷ ᠬᠤᠲᠠ ᠶᠢᠨ ᠠᠷᠠᠳ ᠤᠨ ᠬᠡᠷᠡᠭᠯᠡᠭᠡᠨ ᠤ ᠢᠲᠡᠭᠡᠯ ᠵᠣᠷᠢᠭ ᠢ ᠬᠥᠪᠴᠢᠯᠡᠵᠦ᠂ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号