ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ 2023 ᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠭᠤᠤᠯ ᠳᠤᠭᠤᠶᠢᠯᠠᠩ ᠤᠨ ᠳᠥᠷᠪᠡᠳᠦᠭᠡᠷ ᠤᠳᠠᠭ᠎ᠠ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/17
   3 ᠳ᠋ᠤᠭᠠᠷ ᠰᠠᠷ᠎ᠠ ᠶᠢᠨ 15 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ 2023 ᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠭᠤᠤᠯ ᠳᠤᠭᠤᠶᠢᠯᠠᠩ ᠤᠨ ᠳᠥᠷᠪᠡᠳᠦᠭᠡᠷ ᠤᠳᠠᠭ᠎ᠠ ᠶᠢᠨ ᠰᠤᠷᠤᠯᠴᠠᠬᠤ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠤᠯᠠᠮᠵᠢᠯᠠᠨ ᠰᠤᠷᠤᠯᠴᠠᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠱᠦ ᠴᠧᠩ ᠬᠤᠷᠠᠯ ᠢ ᠡᠷᠭᠢᠯᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠪᠣᠯ ᠪᠥᠬᠦ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠮᠥᠨ᠃ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ  ᠲᠤᠭᠤᠰᠢᠯᠠᠭᠤᠯᠬᠤ᠂ ᠶᠡᠷᠦᠩᠬᠡᠶ ᠱᠦᠵᠢ  ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ ᠲᠠᠢ ᠨᠢᠭᠲᠠ ᠤᠶᠠᠯᠳᠤᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠳᠦᠷᠢᠮ︾ ᠢᠶᠠᠷ ᠦᠨᠳᠦᠰᠦᠯᠡᠯ ᠪᠣᠯᠭᠠᠵᠤ᠂ ᠰᠢᠨ᠎ᠡ ᠨᠢᠭᠡ ᠬᠤᠭᠤᠴᠠᠭᠠᠨ ᠤ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠲᠤᠬᠠᠶ ᠡᠯ᠎ᠡ ᠵᠦᠢᠯ ᠤᠨ ᠲᠣᠬᠢᠷᠠᠭᠤᠯᠤᠯᠲᠠ ᠣᠨ ᠤ ᠵᠥᠪᠳᠡᠯᠴᠡᠬᠦ ᠲᠥᠯᠥᠪᠯᠡᠭᠡ ᠶᠢ ᠬᠡᠷᠡᠭᠵᠢᠭᠦᠯᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ᠂ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠵᠡᠷᠭᠡ ᠭᠤᠤᠯᠳᠠᠯᠭ᠎ᠠ ᠲᠠᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠪᠠᠶᠢᠭᠤᠯᠭ᠎ᠠ ᠶᠢᠨ ᠺᠠᠳ᠋ᠷᠴᠤᠳ ᠤᠨ ︽ᠬᠤᠶᠠᠷ ᠡᠩᠨᠡᠭᠡ︾ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠳᠦᠷᠰᠦ ᠪᠠᠶᠢᠳᠠᠯ ᠭᠠᠷᠭᠠᠵᠤ᠂ ᠰᠢᠨ᠎ᠡ ᠵᠢᠳᠬᠦᠯ ᠴᠢᠷᠮᠠᠶᠢᠯᠭ᠎ᠠ ᠶᠢ ᠳᠡᠯᠭᠡᠨ ᠦᠵᠡᠭᠦᠯᠵᠦ᠂ ᠰᠢᠨ᠎ᠡ ᠳᠦᠷᠢ ᠲᠥᠷᠬᠦ ᠶᠢ ᠪᠣᠶ ᠪᠤᠯᠭᠠᠬᠤ ᠬᠡᠷᠡᠭᠲᠡᠢ ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号