ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ  ᠰᠤᠷᠤᠯᠴᠠᠯᠭ᠎ᠠ ᠶᠢᠨ ᠭᠤᠤᠯ ᠳᠤᠭᠤᠶᠢᠯᠠᠩ 2023 ᠣᠨ ᠤ 2 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/17
    3 ᠰᠠᠷ᠎ᠠ ᠶᠢᠨ 14 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2023 ᠣᠨ ᠤ 2 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠦᠸᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠭᠤᠣᠯ ᠳᠤᠭᠤᠶᠢᠯᠠᠩ ᠤᠨ ᠪᠦᠷᠢᠯᠳᠦᠬᠦᠨ ᠰᠤᠷᠤᠯᠴᠠᠯᠭ᠎ᠠ ᠳᠤ ᠣᠷᠣᠯᠴᠠᠪᠠ᠃    ᠬᠤᠷᠠᠯᠳᠤᠭᠠᠨ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠲᠡᠭᠦᠰᠬᠦ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠣᠯᠴᠠᠬᠤ ᠦᠶ᠎ᠡ ᠶᠢᠨ ᠴᠢᠬᠤᠯᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂  ᠶᠡᠷᠦᠩᠬᠡᠢ ᠱᠦᠵᠢ  ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ  ᠲᠤᠭᠤᠰᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠬᠢ ᠳᠤ ᠰᠠᠭᠤᠷᠢᠯᠠᠵᠤ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠠᠶᠠᠨ ᠳᠤ ᠰᠢᠨ᠎ᠡ ᠡᠭᠦᠷᠭᠡᠯᠡᠯ ᠢ ᠢᠯᠡᠷᠡᠭᠦᠯᠵᠦ᠂ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号