ᠮᠠᠨ ᠤ ᠠᠶᠢᠮᠠᠭ ᠤᠨ ᠪᠠᠭᠰᠢ ᠶᠢᠨ ᠬᠥᠭᠵᠢᠯᠲᠡ ᠶᠢᠨ ᠲᠥᠪ ᠤᠨ ᠵᠠᠭᠤᠨ ᠲᠤᠰᠬᠠᠶ ᠮᠡᠷᠭᠡᠵᠢᠯᠲᠡᠨ ᠵᠠᠯᠠᠶᠢᠳ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/3/17
    ︽ᠬᠤᠶᠠᠷ ᠢ ᠪᠠᠭᠠᠰᠬᠠᠬᠤ︾ ᠠᠬᠤᠶ ᠪᠠᠶᠢᠳᠠᠯ ᠳᠣᠣᠷᠠᠬᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ︽ᠬᠢᠴᠢᠶᠡᠯ ᠤᠨ ᠪᠠᠷᠢᠮᠵᠢᠶ᠎ᠠ ᠳᠤ ᠰᠠᠭᠤᠷᠢᠯᠠᠭᠰᠠᠨ ᠪᠡᠯᠡᠳᠬᠡᠯ ᠵᠢᠭᠠᠨ ᠰᠤᠷᠭᠠᠯᠲᠠ ᠶᠢᠨ ᠦᠨᠡᠯᠡᠯᠲᠡ ᠶᠢ ᠨᠢᠭᠡ ᠴᠤᠭᠴᠠᠵᠢᠭᠤᠯᠬᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠪᠠᠶᠢᠳᠠᠯ ᠳᠤ ᠦᠨᠡᠯᠡᠯᠲᠡ ᠪᠠ ᠵᠢᠯᠣᠭᠤᠳᠣᠯᠭ᠎ᠠ ᠬᠢᠵᠦ᠂ ᠨᠠᠷᠢᠯᠢᠭ ᠣᠨᠣᠴᠠᠲᠠᠶ ᠵᠢᠭᠠᠨ ᠰᠤᠷᠭᠠᠯᠲᠠ ᠶᠢ ᠠᠬᠢᠭᠤᠯᠵᠤ᠂ ᠠᠶᠢᠮᠠᠭ ᠤᠨ ᠪᠠᠭᠰᠢ ᠶᠢᠨ ᠬᠥᠭᠵᠢᠯᠲᠡ ᠶᠢᠨ ᠲᠥᠪ ᠤᠨ ᠡᠯ᠎ᠡ ᠰᠢᠨᠵᠢᠯᠡᠭᠡᠨ ᠤ ᠰᠠᠯᠠᠭ᠎ᠠ ᠵᠢᠴᠢ ᠬᠡᠤᠬᠡᠳ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠳᠤ ᠬᠠᠨᠳᠤᠭᠤᠯᠤᠭᠰᠠᠨ ᠵᠠᠭᠤᠨ ᠲᠤᠰᠬᠠᠶ ᠮᠡᠷᠭᠡᠵᠢᠯᠲᠡᠨ ᠣᠶᠢᠷ᠎ᠠ ᠳᠤ ᠵᠠᠯᠠᠶᠢᠳ ᠬᠤᠰᠢᠭᠤᠨ ᠤ ᠡᠯ᠎ᠡ ᠰᠤᠷᠭᠠᠭᠤᠯᠢ ᠵᠢᠴᠢ ᠬᠡᠤᠬᠡᠳ ᠤᠨ ᠴᠡᠴᠡᠷᠯᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠤᠬᠠᠶ ᠶᠢᠨ ᠲᠠᠯᠠᠪᠤᠷ ᠲᠤᠨᠢ ᠵᠢᠭᠠᠨ ᠵᠢᠯᠣᠭᠤᠳᠣᠯᠭ᠎ᠠ ᠬᠢᠭᠰᠡᠨ ᠪᠠᠶᠢᠨ᠎ᠠ᠃    ᠪᠠᠶᠢᠴᠠᠭᠠᠨ ᠰᠤᠳᠤᠯᠬᠤ ᠠᠵᠢᠯᠯᠠᠭ᠎ᠠ ᠶᠢᠨ ᠳᠤᠮᠳᠠ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠲᠤᠰᠬᠠᠶ ᠮᠡᠷᠭᠡᠵᠢᠯᠲᠡᠳ ᠬᠢᠴᠢᠶᠡᠯ ᠵᠢᠭᠠᠬᠤ ᠦᠨᠡᠯᠡᠯᠲᠡ ᠶᠢᠨ ᠨᠢᠭᠡᠳᠦᠯᠲᠦ ᠴᠢᠨᠠᠷᠲᠠᠶ ᠲᠤᠰᠬᠠᠶ ᠮᠡᠷᠭᠡᠵᠢᠯ ᠤᠨ ᠲᠠᠯ᠎ᠠ ᠠᠴᠠ ᠡᠭᠦᠰᠴᠦ᠂ ᠬᠢᠴᠢᠶᠡᠯᠯᠡᠵᠦ ᠪᠠᠶᠢᠭ᠎ᠠ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠪᠥᠬᠦ ᠲᠠᠯ᠎ᠠ ᠶᠢᠨ ᠦᠨᠡᠯᠡᠯᠲᠡ ᠬᠢᠭᠰᠡᠨ ᠪᠥᠭᠡᠳ ︽ᠪᠡᠯᠡᠳᠬᠡᠯ ᠵᠢᠭᠠᠨ ᠰᠤᠷᠭᠠᠯᠲᠠ ᠶᠢᠨ ᠦᠨᠡᠯᠡᠯᠲᠡ ᠶᠢ ᠨᠢᠭᠡ ᠴᠤᠭᠴᠠᠵᠢᠭᠤᠯᠬᠤ︾ ᠳᠣᠤᠷᠠᠬᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠭᠦᠨᠵᠡᠭᠡᠶ ᠵᠠᠳᠠᠯᠤᠯᠲᠠ ᠬᠢᠵᠦ᠂ ᠭᠤᠤᠯᠳᠠᠯᠭ᠎ᠠ ᠲᠠᠢ ᠲᠠᠶᠢᠯᠤᠮᠵᠢ ᠬᠢᠵᠦ᠂ ᠪᠠᠭᠰᠢ ᠶᠢᠨ ᠬᠠᠷᠠᠯᠲᠠ ᠶᠢᠨ ᠤᠬᠠᠮᠰᠠᠷ ᠢ ᠴᠢᠩᠭᠠᠷᠠᠭᠤᠯᠤᠨ᠂ ᠵᠢᠭᠠᠨ ᠰᠤᠷᠭᠠᠯᠲᠠ ᠶᠢᠨ ᠬᠤᠷᠴᠠ ᠰᠡᠷᠡᠯ ᠢ ᠰᠡᠩᠬᠡᠷᠡᠭᠦᠯᠵᠡᠶ᠃    ᠲᠠᠷᠠᠭᠠᠴᠢ ᠶᠢᠨ ᠠᠯᠬᠤᠮ ᠳᠤ᠂ ᠲᠤᠰᠬᠠᠶ ᠮᠡᠷᠭᠡᠵᠢᠯᠲᠡᠳ ᠪᠠᠰᠠ ᠰᠦᠯᠵᠢᠶᠡᠨ ᠳᠡᠭᠡᠷᠡᠬᠢ ᠵᠢᠯᠣᠭᠤᠳᠣᠯᠭ᠎ᠠ ᠶᠠᠪᠤᠭᠤᠯᠵᠤ᠂ ︽ᠬᠢᠴᠢᠶᠡᠯ ᠬᠥᠮᠦᠵᠢᠯ ᠤᠨ ᠦᠨᠡᠯᠡᠯᠲᠡ ᠶᠢᠨ ᠨᠢᠭᠡᠳᠦᠯᠲᠦ ᠴᠢᠨᠠᠷᠲᠠᠶ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ︾ ᠶᠢᠨ ᠦᠷ᠎ᠡ ᠪᠦᠲᠦᠭᠡᠯ ᠢ ᠨᠠᠶᠢᠷᠠᠭᠤᠯᠤᠨ ᠡᠮᠬᠢᠳᠬᠡᠵᠦ ᠪᠠᠭᠰᠢ ᠨᠠᠷ ᠲᠠᠢ ᠬᠤᠪᠢᠶᠠᠯᠴᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠪᠠ ᠪᠠᠭᠰᠢ ᠶᠢᠨ ᠶᠡᠷᠦᠩᠬᠡᠶ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠲᠤᠯᠭᠠᠭᠤᠷᠢᠯᠠᠯ ᠬᠠᠩᠭᠠᠨ᠎ᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号