ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 15 ᠤ | ᠡᠳᠦᠷ ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ | ᠳᠡᠭᠡᠳᠦ ᠲᠡᠰ ᠤᠨ ᠶᠠᠷᠢᠯᠴᠠᠭᠠᠨ ᠤ ᠬᠤᠷᠠᠯ ᠳᠤ ᠣᠷᠣᠯᠴᠠᠬᠰᠠᠨ ᠪᠥᠭᠡᠳ ︽ᠭᠠᠷ ᠬᠤᠯᠪᠣᠨ ᠣᠳᠣᠬᠢᠴᠢᠯᠠᠯᠲᠠ ᠶᠢᠨ | ᠵᠠᠮ ᠢᠶᠠᠷ ᠬᠠᠮᠲᠤ ᠪᠠᠷ ᠤᠷᠤᠭᠰᠢᠯᠠᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠲᠡᠷᠡ᠂ | ᠣᠳᠣᠬᠢᠴᠢᠯᠠᠯᠲᠠ ᠶᠢᠨ ᠲᠤᠬᠠᠢ ᠠᠯᠢ ᠣᠯᠠᠨ ᠠᠰᠠᠭᠤᠯᠲᠠ ᠳᠤ ᠴᠢᠭᠯᠡᠭᠦᠯᠦᠨ᠂ ᠲᠥᠷᠥ ᠶᠢᠨ ᠨᠠᠮ ᠨᠢ | ᠣᠳᠣᠬᠢᠴᠢᠯᠠᠯᠲᠠ ᠶᠢᠨ ᠠᠬᠢᠴᠠ ᠶᠢ ᠬᠥᠲᠥᠯᠥᠨ ᠳᠠᠭᠠᠭᠤᠯᠬᠤ ᠪᠠ ᠲᠦᠯᠬᠢᠨ ᠠᠬᠢᠭᠤᠯᠬᠤ ᠴᠢᠬᠤᠯᠠ ᠬᠦᠴᠦᠨ | ᠪᠣᠯᠤᠭᠰᠠᠨ ᠤ ᠬᠤᠪᠢ ᠳᠤ᠂ ᠬᠠᠷᠢᠭᠤᠯᠲᠠ ᠥᠭᠭᠦ ᠬᠠᠷᠢᠭᠤᠴᠠᠯᠭ᠎ᠠ ᠲᠠᠢ ᠶᠤᠮ᠃ ᠳᠤᠮᠳᠠᠳᠤ ᠤᠯᠤᠰ ᠤᠨ ᠡᠪ ᠬᠠᠮᠲᠤ | ᠨᠠᠮ ᠢᠮᠠᠭᠲᠠ ᠲᠤᠰ ᠪᠡᠶ᠎ᠡ ᠶᠢᠨ ᠬᠤᠪᠢ ᠵᠠᠶᠠᠭ᠎ᠠ ᠪᠠᠨ ᠡᠯ᠎ᠡ ᠤᠯᠤᠰ ᠤᠨ ᠠᠷᠠᠳ ᠲᠦᠮᠡᠨ ᠤ ᠬᠤᠪᠢ ᠵᠠᠶᠠᠭ᠎ᠠ ᠲᠠᠢ | ᠨᠢᠭᠲᠠ ᠬᠤᠯᠪᠣᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ | ᠳᠡᠯᠡᠬᠡᠢ ᠶᠢᠨ ᠬᠥᠭᠵᠢᠯᠲᠡ ᠳᠤ ᠰᠢᠨ᠎ᠡ ᠠᠵᠠ ᠲᠣᠭᠢᠶᠠᠯ ᠬᠠᠩᠭᠠᠵᠤ᠂ ᠬᠥᠮᠥᠨ ᠲᠥᠷᠥᠯᠬᠢᠲᠡᠨ ᠤ | ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠳᠤ ᠰᠢᠨ᠎ᠡ ᠬᠦᠴᠦᠨ ᠨᠡᠮᠡᠷᠢᠯᠡᠵᠦ᠂ ᠬᠥᠮᠥᠨ ᠲᠥᠷᠥᠯᠬᠢᠲᠡᠨ ᠤ | ᠨᠡᠶᠢᠭᠡᠮ ᠤᠨ ᠣᠳᠣᠬᠢᠴᠢᠯᠠᠯᠲᠠ ᠶᠢᠨ ᠤᠨᠤᠯ ᠪᠣᠯᠣᠨ ᠦᠢᠯᠡᠳᠦᠯᠭᠡ ᠶᠢᠨ ᠰᠢᠨ᠎ᠡ ᠶᠢ ᠡᠭᠦᠳᠭᠦ ᠳᠤ ᠰᠢᠨ᠎ᠡ ᠬᠤᠪᠢ | ᠨᠡᠮᠡᠷᠢ ᠦᠵᠡᠭᠦᠯᠭᠦ ᠪᠠᠷ ᠴᠢᠷᠮᠠᠶᠢᠨ᠎ᠠ ᠭᠡᠵᠦ ᠴᠢᠬᠤᠯᠠᠴᠢᠯᠠᠪᠠ᠃ | | 3 ᠰᠠᠷ᠎ᠠ ᠶᠢᠨ 15 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ | ᠲᠦᠷᠦ ᠶᠢᠨ ᠨᠠᠮ ᠯᠤᠭ᠎ᠠ ᠶᠢᠨ ᠳᠡᠭᠡᠳᠦ ᠲᠡᠰ ᠤᠨ ᠶᠠᠷᠢᠯᠴᠠᠭᠠᠨ ᠤ ᠬᠤᠷᠠᠯ ᠳᠤ ᠣᠷᠣᠯᠴᠠᠬᠰᠠᠨ ᠪᠥᠭᠡᠳ ︽ᠭᠠᠷ | ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ ᠤᠷᠤᠭᠰᠢᠯᠠᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ | ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠠᠬᠢᠴᠠ ᠨᠤᠭᠤᠷᠠᠯ ᠪᠦᠳᠦᠷᠢᠯ ᠲᠠᠢ | ᠪᠠᠶᠢᠵᠤ᠂ ᠡᠯ᠎ᠡ ᠤᠯᠤᠰ ᠤᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠭᠰᠡᠨ ᠶᠠᠪᠤᠴᠠ ᠪᠡᠷᠬᠡ | ᠬᠠᠲᠠᠭᠤᠵᠢᠯᠲᠠᠢ ᠶᠤᠮ᠃ ᠣᠳᠣᠬᠠᠨ ᠤ ᠳᠡᠯᠡᠬᠡᠢ ᠶᠢᠷᠲᠢᠨᠴᠦ ᠳᠤ᠂ ᠤᠯᠠᠨ ᠳᠠᠪᠬᠤᠷ ᠥᠷᠢᠰᠦᠯᠳᠦᠭᠡᠨ ᠪᠠ ᠠᠶᠤᠯ | ᠲᠦᠭᠰᠢᠭᠦᠷᠢ ᠰᠣᠯᠪᠢᠴᠠᠨ ᠳᠠᠪᠬᠤᠴᠠᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠪᠡᠷᠬᠡ ᠬᠠᠲᠠᠭᠤᠵᠢᠯᠲᠠᠢ | ᠪᠠᠶᠢᠵᠤ᠂ ᠬᠥᠭᠵᠢᠯᠲᠡ ᠶᠢᠨ ᠵᠠᠭᠠᠭ ᠲᠠᠰᠤᠷᠠᠯᠳᠠ ᠦᠭᠡᠢ ᠶᠡᠬᠡᠰᠴᠦ᠂ ᠠᠮᠢ ᠠᠬᠤᠢ ᠣᠷᠴᠢᠨ ᠲᠣᠭᠤᠷᠢᠨ | ᠦᠷᠭᠦᠯᠵᠢᠯᠡᠨ ᠮᠠᠭᠤᠳᠠᠵᠤ᠂ ᠬᠦᠢᠲᠡᠨ ᠲᠠᠶᠢᠨ ᠤ ᠰᠡᠳᠬᠢᠬᠦᠢ ᠨᠢ ᠰᠠᠷᠨᠢᠬᠤ ᠦᠭᠡᠢ ᠪᠠᠶᠢᠵᠤ᠂ ᠬᠥᠮᠥᠨ | ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ ᠠᠬᠢᠴᠠ ᠲᠡᠦᠬᠡ ᠶᠢᠨ ᠲᠣᠨᠣᠯᠵᠢᠨ ᠵᠠᠮ ᠳᠤ ᠳᠠᠬᠢᠨᠲᠠ | ᠬᠦᠷᠴᠦ ᠢᠷᠡᠪᠡ ᠭᠡᠵᠦ ᠴᠢᠬᠤᠯᠠᠴᠢᠯᠠᠪᠠ᠃ ᠡᠭᠦᠨ ᠤ ᠲᠤᠯᠠᠳᠠ᠂ ᠲᠡᠷᠡ 5 ᠲᠠᠯ᠎ᠠ ᠶᠢᠨ ᠰᠠᠨᠠᠭᠠᠴᠢᠯᠠᠭ᠎ᠠ | ᠳᠤᠷᠠᠳᠴᠠᠢ᠄ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠰᠠᠬᠢᠵᠤ᠂ ᠣᠳᠣᠬᠢᠴᠢᠯᠠᠯᠲᠠ ᠶᠢᠨ | ᠴᠢᠭᠯᠡᠯ ᠤᠨ ᠠᠷᠠᠳᠴᠢ ᠴᠢᠨᠠᠷ ᠢ ᠲᠤᠪᠤᠶᠢᠯᠭᠠᠬᠤ ᠭᠡᠷᠡᠭᠲᠡᠢ︔ ᠪᠡᠶ᠎ᠡ ᠪᠠᠨ ᠳᠠᠭᠠᠭᠠᠵᠤ ᠡᠵᠡᠨ ᠮᠡᠳᠡᠭᠦ ᠵᠠᠷᠴᠢᠮ ᠢ | ᠪᠠᠷᠢᠮᠲᠠᠯᠠᠵᠤ᠂ ᠣᠳᠣᠬᠢᠴᠢᠯᠠᠯᠲᠠ ᠶᠢᠨ ᠵᠠᠮ ᠤᠨ ᠣᠯᠠᠨ ᠶᠠᠩᠵᠤᠲᠤ ᠴᠢᠨᠠᠷ ᠢ ᠬᠠᠶᠢᠨ ᠰᠦᠪᠡᠭᠴᠢᠯᠡᠬᠦ ᠭᠡᠷᠡᠭᠲᠡᠶ︔ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠭᠦ ᠤᠬᠠᠮᠰᠠᠷ ᠢ ᠪᠤᠢ ᠪᠤᠯᠭᠠᠵᠤ᠂ ᠣᠳᠣᠬᠢᠴᠢᠯᠠᠯᠲᠠ ᠶᠢᠨ | ᠠᠬᠢᠴᠠ ᠶᠢᠨ ᠦᠷᠭᠦᠯᠵᠢᠯᠡᠬᠦ ᠴᠢᠨᠠᠷ ᠢ ᠪᠠᠲᠤᠯᠠᠬᠤ ᠭᠡᠷᠡᠭᠲᠡᠢ︔ ᠥᠪᠡᠷ ᠢ ᠪᠠᠨ ᠱᠤᠭᠤᠵᠤ ᠥᠷᠥᠭᠡᠯ ᠪᠤᠰᠤᠳ ᠤᠨ | ᠲᠥᠯᠥᠭᠡ ᠵᠢᠳᠭᠦᠭᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠳᠣᠬᠢᠴᠢᠯᠠᠯᠲᠠ ᠶᠢᠨ ᠦᠷ᠎ᠡ ᠪᠦᠲᠦᠭᠡᠯ ᠤᠨ ᠲᠦᠭᠡᠮᠡᠯ | ᠬᠠᠷᠠᠭᠠᠯᠵᠠᠯᠲᠤ ᠴᠢᠨᠠᠷ ᠢ ᠴᠢᠩᠭᠠᠳᠬᠠᠬᠤ ᠭᠡᠷᠡᠭᠲᠡᠶ︔ ᠴᠢᠷᠮᠠᠶᠢᠨ ᠲᠡᠮᠡᠴᠡᠵᠦ ᠠᠮᠵᠢᠯᠲᠠ ᠪᠦᠲᠦᠭᠡᠯ ᠭᠠᠷᠭᠠᠬᠤ | ᠣᠪᠣᠷ ᠪᠠᠶᠢᠳᠠᠯ ᠢᠶᠠᠨ ᠪᠠᠲᠤᠯᠠᠵᠤ᠂ ᠣᠳᠣᠬᠢᠴᠢᠯᠠᠭᠰᠠᠨ ᠤᠳᠤᠷᠢᠳᠤᠯᠭ᠎ᠠ ᠶᠢᠨ ᠡᠷᠡᠰ ᠪᠠᠲᠤ ᠴᠢᠨᠠᠷ ᠢ ᠪᠠᠲᠤᠯᠠᠬᠤ | ᠬᠡᠷᠡᠭᠲᠡᠢ᠃ | | 3 ᠰᠠᠷ᠎ᠠ ᠶᠢᠨ 15 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ | ᠲᠦᠷᠦ ᠶᠢᠨ ᠨᠠᠮ ᠯᠤᠭ᠎ᠠ ᠶᠢᠨ ᠳᠡᠭᠡᠳᠦ ᠲᠡᠰ ᠤᠨ ᠶᠠᠷᠢᠯᠴᠠᠭᠠᠨ ᠤ ᠬᠤᠷᠠᠯ ᠳᠤ ᠣᠷᠣᠯᠴᠠᠬᠰᠠᠨ ᠪᠥᠭᠡᠳ ︽ᠭᠠᠷ | ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ ᠤᠷᠤᠭᠰᠢᠯᠠᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ | ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠪᠢᠨ ᠰᠡᠭᠦᠳᠡᠷᠯᠡᠪᠡ | ᠰᠢ ᠶᠢᠨ ᠫᠢᠩ᠂ ᠣᠳᠣᠬᠢᠴᠢᠯᠠᠯᠲᠠ ᠶᠢ ᠪᠡᠶᠡᠯᠡᠭᠦᠯᠬᠦ ᠪᠣᠯ ᠣᠶᠢᠷ᠎ᠠ ᠦᠶ᠎ᠡ ᠠᠴᠠ ᠨᠠᠭᠠᠰᠢᠬᠢ ᠳᠤᠮᠳᠠᠳᠤ | ᠤᠯᠤᠰ ᠤᠨ ᠠᠷᠠᠳ ᠲᠦᠮᠡᠨ ᠤ ᠴᠥᠬᠦᠷᠡᠰᠢ ᠦᠭᠡᠢ ᠲᠡᠮᠡᠴᠡᠬᠦ ᠬᠦᠰᠡᠯ ᠵᠡᠭᠦᠳᠦ ᠮᠥᠨ᠃ ᠳᠤᠮᠳᠠᠳᠤ ᠤᠯᠤᠰ ᠤᠨ | ᠡᠪ ᠬᠠᠮᠲᠤ ᠨᠠᠮ 100 ᠭᠠᠷᠤᠢ ᠵᠢᠯ ᠤᠨ ᠲᠤᠷᠰᠢ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠦᠨᠳᠦᠰᠦᠲᠡᠨ ᠤ ᠰᠡᠷᠭᠦᠨ ᠮᠠᠨᠳᠤᠯᠲᠠ ᠶᠢ ᠬᠥᠭᠡᠭᠡᠴᠡᠯᠳᠦᠭᠰᠡᠨ ᠲᠡᠦᠬᠡ ᠪᠣᠯ ᠮᠥᠨ ᠴᠦ | ᠣᠳᠣᠬᠢᠴᠢᠯᠠᠯᠲᠠ ᠶᠢᠨ ᠵᠠᠮ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠭᠰᠡᠨ ᠲᠡᠦᠬᠡ ᠮᠥᠨ᠃ ᠬᠡᠳᠦᠨ | ᠦᠶ᠎ᠡ ᠶᠢᠨ ᠬᠥᠮᠥᠰ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠪᠢᠳᠡ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠵᠠᠮ ᠢᠶᠠᠷ ᠵᠠᠮᠨᠠᠵᠤ ᠴᠢᠳᠠᠪᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ | ᠲᠤᠰ ᠤᠯᠤᠰ ᠤᠨ ᠢᠶᠠᠨ ᠤᠯᠤᠰ ᠤᠨ ᠪᠠᠶᠢᠳᠠᠯ ᠳᠤ ᠰᠠᠭᠤᠷᠢᠯᠠᠬᠤ ᠮᠥᠷᠲᠡᠭᠡᠨ ᠪᠠᠰᠠ ᠡᠯ᠎ᠡ ᠤᠯᠤᠰ ᠤᠨ | ᠲᠤᠷᠰᠢᠯᠭ᠎ᠠ ᠪᠠᠷ ᠲᠣᠯᠢ ᠪᠤᠯᠭᠠᠵᠤ᠂ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠬᠤ ᠮᠥᠷᠲᠡᠭᠡᠨ ᠪᠠᠰᠠ ᠤᠳᠤ | ᠦᠶ᠎ᠡ ᠶᠢᠨ ᠪᠣᠯᠪᠠᠰᠤᠨ ᠢ ᠠᠭᠤᠰᠬᠠᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ ᠣᠯᠭᠤᠬᠤ | ᠮᠥᠷᠲᠡᠭᠡᠨ ᠪᠠᠰᠠ ᠳᠡᠯᠡᠬᠡᠢ ᠶᠢᠨ ᠬᠠᠮᠲᠤ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ᠂ ᠡᠨᠡ ᠪᠣᠯ ᠮᠠᠨ ᠤ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠰᠠᠷᠠᠭᠤᠯ ᠳᠠᠷᠳᠠᠩ ᠵᠠᠮ ᠮᠥᠨ᠂ ᠪᠠᠰᠠ ᠴᠤ ᠬᠥᠮᠥᠨ ᠲᠥᠷᠥᠯᠬᠢᠲᠡᠨ ᠤ ᠲᠠᠪᠰᠢᠯᠳᠠ᠂ ᠳᠡᠯᠡᠬᠡᠢ ᠶᠢᠨ ᠶᠡᠭᠡ | ᠨᠢᠭᠡᠳᠦᠯ ᠢ ᠡᠷᠢᠯᠬᠢᠯᠡᠬᠦ ᠳᠤ ᠳᠤᠮᠳᠠᠳᠤ ᠤᠯᠤᠰ ᠤᠨ ᠵᠠᠶᠢᠯᠠᠰᠢ ᠦᠭᠡᠢ ᠵᠠᠮᠨᠠᠬᠤ ᠵᠠᠮ ᠮᠥᠨ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ | ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠬᠤ ᠪᠠᠷ ᠴᠢᠷᠮᠠᠶᠢᠬᠤ ᠪᠣᠯᠣᠨ᠎ᠠ᠃ ᠪᠢᠳᠡ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠲᠠᠰᠤᠷᠠᠯᠲᠠ ᠦᠭᠡᠢ ᠥᠷᠭᠡᠳᠬᠡᠨ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ ᠠᠭᠤᠵᠢᠭᠤ | ᠪᠤᠯᠭᠠᠵᠤ᠂ ᠨᠡᠭᠡᠭᠡᠯᠲᠡ ᠶᠢᠨ ᠡᠭᠦᠳᠡ ᠪᠠᠨ ᠶᠠᠪᠤᠬᠤ ᠲᠤᠲᠤᠮ ᠥᠷᠭᠡᠳᠬᠡᠨ᠎ᠡ᠃ ᠳᠤᠮᠳᠠᠳᠤ ᠤᠯᠤᠰ ᠤᠨ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢᠨ ᠠᠬᠢᠴᠠ ᠶᠢ ᠳᠠᠭᠠᠯᠳᠤᠨ᠂ ᠪᠢᠳᠡ | ᠳᠡᠯᠡᠬᠡᠢ ᠳ᠋ᠠᠬᠢᠨ ᠳᠤ ᠨᠡᠩ ᠤᠯᠠᠨ ᠨᠡᠩ ᠰᠠᠶᠢᠨ ᠳᠤᠮᠳᠠᠳᠤ ᠤᠯᠤᠰ ᠤᠨ ᠦᠢᠯᠡᠳᠬᠡᠯ ᠪᠠ ᠳᠤᠮᠳᠠᠳᠤ ᠤᠯᠤᠰ ᠤᠨ | ᠡᠭᠦᠳᠦᠯᠲᠡ ᠶᠢ ᠬᠠᠩᠭᠠᠵᠤ᠂ ᠳᠡᠯᠡᠬᠡᠢ ᠳ᠋ᠠᠬᠢᠨ ᠳᠤ ᠨᠡᠩ ᠶᠡᠭᠡ ᠬᠡᠪᠴᠢᠶᠡᠨ ᠤ ᠳᠤᠮᠳᠠᠳᠤ ᠤᠯᠤᠰ ᠤᠨ ᠵᠠᠬ᠎ᠠ | ᠳᠡᠯᠭᠡᠭᠦᠷ ᠪᠠ ᠳᠤᠮᠳᠠᠳᠤ ᠤᠯᠤᠰ ᠤᠨ ᠬᠡᠷᠡᠭᠴᠡᠭᠡ ᠶᠢ ᠬᠠᠩᠭᠠᠬᠤ ᠪᠣᠯᠣᠨ᠎ᠠ᠃ ᠪᠢᠳᠡ ᠥᠷᠭᠡᠨ ᠤᠯᠠᠨ ᠬᠥᠭᠵᠢᠵᠦ | ᠪᠠᠶᠢᠭ᠎ᠠ ᠤᠯᠤᠰ ᠤᠳ ᠢ ᠡᠷᠡᠰ ᠳᠡᠮᠵᠢᠨ ᠬᠠᠪᠰᠤᠷᠴᠤ ᠪᠠᠶᠢᠭᠠᠳ ᠬᠥᠭᠵᠢᠯᠲᠡ ᠶᠢ ᠨᠢ ᠲᠦᠷᠭᠡᠳᠬᠡᠵᠦ᠂ ᠠᠵᠤ | ᠦᠢᠯᠡᠳᠪᠦᠷᠢᠵᠢᠯᠲᠡ᠂ ᠣᠳᠣᠬᠢᠴᠢᠯᠠᠯᠲᠠ ᠶᠢ ᠪᠡᠶᠡᠯᠡᠭᠦᠯᠵᠦ᠂ ᠡᠮᠦᠨᠡᠲᠦ ᠤᠮᠠᠷᠠᠲᠤ ᠶᠢᠨ ᠵᠥᠷᠢᠶ᠎ᠡ ᠶᠢ ᠪᠠᠭᠠᠰᠬᠠᠬᠤ᠂ | ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠳᠤ ᠳᠤᠮᠳᠠᠳᠤ ᠤᠯᠤᠰ ᠤᠨ ᠲᠥᠰᠥᠯ ᠪᠠ ᠳᠤᠮᠳᠠᠳᠤ ᠤᠯᠤᠰ ᠤᠨ | ᠬᠦᠴᠦᠨ ᠢ ᠬᠠᠩᠭᠠᠬᠤ ᠪᠣᠯᠣᠨ᠎ᠠ᠃ ᠪᠢᠳᠡ ᠳᠤᠷᠠᠲᠠᠶ᠎ᠠ ᠡᠯ᠎ᠡ ᠤᠯᠤᠰ ᠤᠨ ᠲᠥᠷᠥ ᠶᠢᠨ ᠨᠠᠮ ᠲᠠᠢ ᠬᠠᠮᠲᠤ ᠪᠠᠷ ︽ | ᠨᠢᠭᠡ ᠪᠦᠰᠡ ᠨᠢᠭᠡ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠪᠦᠲᠦᠭᠡᠨ ᠪᠠᠶᠢᠭᠤᠯᠬᠤ ᠶᠢ | ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ | ᠲᠦᠷᠭᠡᠳᠬᠡᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠢᠨ᠎ᠡ ᠬᠥᠳᠡᠯᠭᠡᠭᠦ ᠴᠢᠳᠠᠪᠤᠷᠢ ᠶᠢ ᠪᠤᠶᠢᠵᠢᠭᠤᠯᠵᠤ᠂ | ᠪᠦᠭᠦ ᠪᠥᠮᠪᠥᠷᠴᠡᠭ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠳᠡᠯᠡᠬᠡᠢ ᠶᠢᠨ ᠲᠥᠪ ᠭᠤᠣᠯᠴᠢ ᠰᠢᠳᠤᠷᠭᠤ | ᠶᠣᠰᠣ ᠶᠢ ᠬᠠᠮᠠᠭᠠᠯᠠᠬᠤ ᠪᠠᠷ ᠴᠢᠷᠮᠠᠶᠢᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠠᠬᠢᠭᠤᠯᠤᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠺᠣᠯᠣᠨᠢᠴᠢᠯᠠᠯ ᠳᠡᠭᠡᠷᠡᠮᠳᠡᠯ ᠤᠨ ᠬᠠᠭᠤᠴᠢᠨ ᠵᠠᠮ ᠢᠶᠠᠷ | ᠶᠠᠪᠤᠬᠤ ᠪᠢᠰᠢ᠂ ᠤᠯᠤᠰ ᠬᠦᠴᠦᠷᠬᠡᠭᠵᠢᠪᠡᠯ ᠯᠠᠪᠲᠠᠢ ᠡᠵᠡᠷᠬᠡᠬᠦ ᠭᠠᠵᠢᠭᠤ ᠵᠠᠮ ᠢᠶᠠᠷ ᠶᠠᠪᠤᠬᠤ ᠭᠡᠰᠡᠨ ᠪᠢᠰᠢ᠂ ᠬᠠᠷᠢᠨ | ᠡᠩᠬᠡ ᠲᠠᠶᠢᠪᠤᠩ ᠢᠶᠠᠷ ᠭᠦᠭᠵᠢᠭᠦ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠶᠠᠪᠤᠬᠤ ᠪᠣᠯᠣᠨ᠎ᠠ᠃ ᠪᠢᠳᠠ | ᠶᠠᠷᠢᠯᠴᠠᠭ᠎ᠠ ᠪᠠᠷ ᠵᠥᠷᠢᠯᠳᠦᠭᠡᠨ ᠢ ᠰᠢᠢᠳᠪᠦᠷᠢᠯᠡᠵᠦ᠂ ᠬᠠᠮᠲᠤᠷᠠᠯᠴᠠᠭ᠎ᠠ ᠪᠠᠷ ᠵᠠᠭᠤᠷᠠᠯᠳᠤᠭᠠᠨ ᠢ ᠰᠢᠢᠳᠪᠦᠷᠢᠯᠡᠨ᠎ᠡ᠂ | ᠠᠯᠢᠪᠠ ᠭᠡᠯᠪᠡᠷᠢ ᠶᠢᠨ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ | ᠪᠦᠯᠬᠦᠮᠳᠡᠯ ᠤᠨ ᠵᠣᠷᠢᠭ ᠰᠠᠨᠠᠭ᠎ᠠ ᠪᠣᠯᠣᠨ ᠬᠠᠮᠲᠤ ᠪᠠᠷ ᠠᠰᠢᠭ ᠭᠦᠷᠳᠡᠭᠦ ᠰᠡᠳᠬᠢᠬᠦᠢ ᠪᠠᠷ ᠨᠠᠷᠢᠨ ᠪᠤᠳᠤᠯᠢᠶᠠᠨᠲᠠᠢ | ᠰᠣᠯᠪᠢᠴᠠᠭᠰᠠᠨ ᠠᠮᠤᠷ ᠲᠦᠪᠰᠢᠨ ᠤ ᠥᠷᠢᠰᠦᠯᠳᠦᠭᠡᠨ ᠢ ᠠᠷᠭᠠᠴᠠᠭᠠᠵᠤ᠂ ᠲᠥᠪ ᠭᠤᠣᠯᠴᠢ ᠰᠢᠳᠤᠷᠭᠤ ᠶᠣᠰᠣ᠂ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠦ ᠠᠮᠤᠷ ᠲᠦᠪᠰᠢᠨ ᠤ ᠪᠠᠶᠢᠷᠢᠰᠢᠯ ᠢ ᠪᠤᠢ ᠪᠤᠯᠭᠠᠬᠤ ᠶᠢ ᠰᠠᠨᠠᠭᠠᠴᠢᠯᠠᠨ᠎ᠠ᠃ | ᠳᠡᠯᠡᠬᠡᠢ ᠶᠢᠷᠲᠢᠨᠴᠦ ︽ᠰᠢᠨ᠎ᠡ ᠬᠦᠢᠲᠡᠨ ᠲᠠᠶᠢᠨ︾ ᠢ ᠬᠡᠷᠡᠭᠰᠡᠬᠦ ᠦᠭᠡᠢ᠂ ᠠᠷᠠᠳᠴᠢᠯᠠᠯ ᠤᠨ ᠲᠤᠭ ᠢ ᠡᠷᠭᠦᠵᠦ | ᠬᠠᠭᠠᠴᠠᠭᠤᠯᠬᠤ ᠡᠰᠡᠷᠭᠦᠴᠡᠯᠳᠦᠯ ᠢ ᠥᠳᠥᠭᠡᠭᠦ ᠨᠢ ᠲᠡᠷᠡ ᠴᠢᠭ ᠢᠶᠠᠷ ᠢᠶᠠᠨ ᠠᠷᠠᠳᠴᠢᠯᠠᠯ ᠤᠨ ᠵᠣᠷᠢᠭ ᠰᠠᠨᠠᠭ᠎ᠠ ᠶᠢ | ᠲᠠᠯᠬᠢᠳᠠᠵᠤ ᠪᠠᠶᠢᠭ᠎ᠠ ᠶᠠᠪᠤᠳᠠᠯ ᠮᠥᠨ᠂ ᠬᠥᠮᠥᠨ ᠤ ᠰᠡᠳᠬᠢᠯ ᠢ ᠣᠯᠬᠤ ᠦᠭᠡᠢ ᠬᠤᠣᠷ ᠬᠥᠨᠥᠭᠡᠯ ᠨᠢ ᠬᠢᠵᠠᠭᠠᠷ | ᠦᠭᠡᠢ ᠶᠤᠮ᠃ ᠳᠤᠮᠳᠠᠳᠤ ᠤᠯᠤᠰ ᠣᠳᠣᠬᠢᠴᠢᠯᠠᠯᠲᠠ ᠶᠢ ᠪᠡᠶᠡᠯᠡᠭᠦᠯᠬᠦ ᠨᠢ ᠳᠡᠯᠡᠬᠡᠢ ᠶᠢᠨ ᠡᠩᠬᠡ ᠲᠠᠶᠢᠪᠤᠩ ᠤᠨ | ᠬᠦᠴᠦᠨ ᠤ ᠨᠡᠮᠡᠭᠳᠡᠯ ᠮᠥᠨ᠂ ᠤᠯᠠᠨ ᠤᠯᠤᠰ ᠤᠨ ᠰᠢᠳᠤᠷᠭᠤ ᠶᠣᠰᠣᠨ ᠤ ᠬᠦᠴᠦᠨ ᠤ ᠪᠤᠵᠠᠭᠠᠶᠢᠷᠠᠯ ᠮᠥᠨ᠂ | ᠬᠥᠭᠵᠢᠭᠡᠳ ᠶᠠᠮᠠᠷ ᠬᠡᠮᠵᠢᠶᠡᠨ ᠳᠤ ᠭᠦᠷᠦᠭᠰᠡᠨ ᠴᠦ ᠳᠤᠮᠳᠠᠳᠤ ᠤᠯᠤᠰ ᠬᠡᠵᠢᠶᠡᠳᠡ ᠡᠵᠡᠷᠬᠡᠭᠴᠢ ᠪᠤᠯᠬᠤ ᠦᠭᠡᠢ᠂ | ᠬᠡᠵᠢᠶᠡᠳᠡ ᠥᠷᠭᠡᠳᠬᠡᠯ ᠬᠢᠬᠦ ᠦᠭᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠪᠠᠰᠤᠨ ᠤ ᠰᠣᠯᠢᠯᠴᠠᠭ᠎ᠠ ᠲᠣᠯᠢᠳᠠᠯ ᠢ | ᠠᠬᠢᠭᠤᠯᠬᠤ ᠪᠠᠷ ᠴᠢᠷᠮᠠᠶᠢᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢ ᠠᠬᠢᠭᠤᠯᠤᠨ᠎ᠠ᠃ | ᠣᠳᠣᠬᠠᠨ ᠤ ᠳᠡᠯᠡᠬᠡᠢ ᠶᠢᠨ ᠠᠳᠠᠯᠢ ᠪᠤᠰᠤ ᠤᠯᠤᠰ᠂ ᠠᠳᠠᠯᠢ ᠪᠤᠰᠤ ᠭᠠᠵᠠᠷ ᠣᠷᠣᠨ ᠤ ᠲᠤᠰ ᠲᠤᠰ ᠤᠨ | ᠣᠨᠴᠠᠯᠢᠭ ᠲᠠᠢ ᠣᠳᠣᠬᠢᠴᠢᠯᠠᠯᠲᠠ ᠶᠢᠨ ᠵᠠᠮ ᠨᠢ ᠡᠯᠪᠡᠭ ᠪᠠᠶᠠᠯᠢᠭ ᠤᠯᠠᠨ ᠶᠠᠩᠵᠤ ᠶᠢᠨ᠂ ᠥᠨᠢ ᠤᠳᠠᠭᠠᠨ | ᠤᠯᠠᠮᠵᠢᠯᠠᠯ ᠲᠠᠢ ᠪᠣᠯᠪᠠᠰᠤᠨ ᠤ ᠤᠯᠠᠮᠵᠢᠯᠠᠯ ᠳᠤ ᠦᠨᠳᠦᠰᠦᠯᠡᠭᠰᠡᠨ ᠶᠤᠮ᠃ ᠬᠥᠮᠥᠨ ᠲᠥᠷᠥᠯᠬᠢᠲᠡᠨ ᠤ | ᠨᠡᠶᠢᠭᠡᠮ ᠤᠨ ᠡᠭᠦᠳᠦᠨ ᠪᠦᠲᠦᠭᠡᠭᠰᠡᠨ ᠡᠯ᠎ᠡ ᠵᠦᠢᠯ ᠤᠨ ᠪᠣᠯᠪᠠᠰᠤᠨ ᠨᠢ ᠴᠥᠮ ᠭᠡᠷᠡᠯ ᠰᠠᠴᠤᠷᠠᠩᠭᠤᠢ ᠭᠡᠷᠡᠯ | ᠭᠢᠯᠪᠠᠭ᠎ᠠ ᠰᠠᠴᠤᠷᠠᠭᠤᠯᠵᠤ᠂ ᠡᠯ᠎ᠡ ᠤᠯᠤᠰ ᠤᠨ ᠣᠳᠣᠬᠢᠴᠢᠯᠠᠯᠲᠠ ᠳᠤ ᠭᠦᠨ ᠵᠤᠵᠠᠭᠠᠨ ᠠᠭᠤᠯᠤᠭᠳᠠᠬᠤᠨ ᠢ | ᠬᠤᠷᠠᠮᠳᠤᠭᠤᠯᠵᠤ᠂ ᠢᠯᠡ ᠲᠣᠳᠣ ᠣᠨᠴᠠᠯᠢᠭ ᠰᠢᠨᠵᠢ ᠶᠢ ᠣᠯᠭᠤᠭᠰᠠᠨ ᠪᠥᠭᠡᠳ ᠴᠠᠭ ᠣᠷᠣᠨ ᠵᠠᠢ ᠶᠢ ᠠᠯᠭᠠᠰᠠᠨ᠂ | ᠤᠯᠤᠰ ᠤᠨ ᠬᠢᠯᠢ ᠬᠢᠵᠠᠭᠠᠷ ᠢ ᠳᠠᠪᠠᠵᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ | ᠠᠬᠢᠴᠠ ᠳᠤ ᠬᠠᠮᠲᠤ ᠪᠠᠷ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠨᠢ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠣᠯᠤᠭᠰᠠᠨ ᠤ ᠬᠤᠪᠢ ᠳᠤ᠂ ᠪᠦᠭᠦ | ᠪᠥᠮᠪᠥᠷᠴᠡᠭ ᠤᠨ ᠪᠤᠰᠤᠳ ᠪᠣᠯᠪᠠᠰᠤᠨ ᠲᠠᠢ ᠬᠠᠷᠢᠯᠴᠠᠨ ᠲᠣᠯᠢᠳᠠᠪᠠᠯ᠂ ᠯᠠᠪᠲᠠᠢ ᠳᠡᠯᠡᠬᠡᠢ ᠶᠢᠨ ᠪᠣᠯᠪᠠᠰᠤᠨ ᠤ ᠥᠨᠢᠷ | ᠴᠡᠴᠡᠭ ᠤᠨ ᠬᠦᠷᠢᠶᠡᠯᠡᠩ ᠢ ᠲᠦᠢᠯ ᠢᠶᠠᠷ ᠪᠠᠶᠠᠯᠢᠭᠵᠢᠭᠤᠯᠬᠤ ᠶᠤᠮ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠯ᠎ᠡ ᠤᠯᠤᠰ ᠤᠨ ᠢᠷᠡᠭᠡᠳᠦᠢ ᠬᠤᠪᠢ ᠵᠠᠶᠠᠭ᠎ᠠ ᠨᠢᠭᠲᠠ ᠬᠤᠯᠪᠣᠯᠳᠤᠵᠤ ᠪᠠᠶᠢᠭ᠎ᠠ ᠥᠨᠥᠳᠥᠷ᠂ | ᠠᠳᠠᠯᠢ ᠪᠤᠰᠤ ᠪᠣᠯᠪᠠᠰᠤᠨ ᠪᠠᠭᠲᠠᠭᠠᠮᠵᠢᠲᠠᠢ ᠪᠠᠷ ᠬᠠᠮᠲᠤ ᠣᠷᠣᠰᠢᠵᠤ᠂ ᠬᠠᠷᠢᠯᠴᠠᠨ ᠰᠣᠯᠢᠯᠴᠠᠵᠤ ᠬᠠᠷᠢᠯᠴᠠᠨ | ᠲᠣᠯᠢᠳᠠᠵᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ᠂ | ᠳᠡᠯᠡᠬᠡᠢ ᠶᠢᠨ ᠪᠣᠯᠪᠠᠰᠤᠨ ᠤ ᠥᠨᠢᠷ ᠴᠡᠴᠡᠭ ᠤᠨ ᠬᠦᠷᠢᠶᠡᠯᠡᠩ ᠢ ᠴᠡᠴᠡᠭᠯᠡᠭᠦᠯᠦᠨ ᠬᠥᠭᠵᠢᠭᠦᠯᠬᠦ ᠳᠤ ᠣᠷᠣᠯᠠᠭᠤᠯᠵᠤ | ᠪᠣᠯᠣᠰᠢ ᠦᠭᠡᠢ ᠦᠢᠯᠡᠳᠦᠯ ᠲᠠᠢ ᠶᠤᠮ ᠭᠡᠵᠦ ᠵᠢᠭᠠᠵᠤ ᠭᠠᠷᠭᠠᠪᠠ᠃ ᠡᠭᠦᠨ ᠤ ᠲᠤᠯᠠᠳᠠ᠂ ᠰᠢ ᠶᠢᠨ ᠫᠢᠩ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠪᠠ᠃ | — ᠪᠢᠳᠡ ᠳᠡᠯᠡᠬᠡᠢ ᠶᠢᠨ ᠪᠣᠯᠪᠠᠰᠤᠨ ᠤ ᠤᠯᠠᠨ ᠶᠠᠩᠵᠤᠲᠤ ᠴᠢᠨᠠᠷ ᠢ ᠬᠦᠨᠳᠦᠳᠬᠡᠬᠦ ᠶᠢ ᠬᠠᠮᠲᠤ ᠪᠠᠷ | ᠰᠠᠨᠠᠭᠠᠴᠢᠯᠠᠵᠤ᠂ ᠪᠣᠯᠪᠠᠰᠤᠨ ᠡᠷᠬᠡ ᠲᠡᠭᠰᠢ᠂ ᠬᠠᠷᠢᠯᠴᠠᠨ ᠲᠣᠯᠢᠳᠠᠬᠤ᠂ ᠶᠠᠷᠢᠯᠴᠠᠭ᠎ᠠ ᠬᠢᠬᠦ᠂ ᠪᠠᠭᠲᠠᠭᠠᠮᠵᠢᠲᠠᠢ | ᠪᠠᠶᠢᠬᠤ ᠶᠢ ᠪᠠᠷᠢᠮᠲᠠᠯᠠᠵᠤ᠂ ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠪᠰᠠᠷᠳᠠᠯ ᠢ ᠳᠠᠪᠠᠵᠤ᠂ | ᠪᠣᠯᠪᠠᠰᠤᠨ ᠢᠶᠠᠨ ᠬᠠᠷᠢᠯᠴᠠᠨ ᠲᠣᠯᠢᠯᠠᠬᠤ ᠪᠠᠷ ᠪᠣᠯᠪᠠᠰᠤᠨ ᠤ ᠮᠥᠷᠭᠦᠯᠳᠦᠭᠡᠨ ᠢ ᠳᠠᠪᠠᠵᠤ᠂ ᠪᠣᠯᠪᠠᠰᠤᠨ ᠤ | ᠪᠠᠭᠲᠠᠭᠠᠮᠵᠢ ᠪᠠᠷ ᠪᠣᠯᠪᠠᠰᠤᠨ ᠤ ᠳᠠᠪᠠᠭᠤᠯᠢᠭ ᠢ ᠳᠠᠪᠠᠭ᠋ᠤ ᠬᠡᠷᠡᠭᠲᠡᠢ᠃ | — ᠪᠢᠳᠡ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠬᠤ ᠶᠢ ᠬᠠᠮᠲᠤ ᠪᠠᠷ | ᠰᠠᠨᠠᠭᠠᠴᠢᠯᠠᠵᠤ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ | ᠡᠷᠬᠡ ᠴᠢᠯᠦᠭᠡ ᠪᠣᠯ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠮᠥᠨ᠂ ᠠᠭᠤᠳᠠᠮᠴᠢ | ᠬᠡᠬᠦᠳᠡᠭ ᠴᠡᠭᠡᠵᠢ ᠪᠠᠷ ᠠᠳᠠᠯᠢ ᠪᠤᠰᠤ ᠪᠣᠯᠪᠠᠰᠤᠨ ᠤ ᠦᠷᠳᠡᠭ ᠤᠨ ᠠᠭᠤᠯᠤᠭᠳᠠᠬᠤᠨ ᠤ ᠲᠤᠬᠠᠢ ᠲᠠᠨᠢᠯᠲᠠ ᠶᠢ | ᠣᠶᠢᠯᠠᠭᠠᠵᠤ᠂ ᠥᠪᠡᠷ ᠤᠨ ᠦᠷᠳᠡᠭ ᠤᠨ ᠦᠵᠡᠯᠲᠡ ᠪᠠ ᠵᠠᠭᠪᠤᠷ ᠢᠶᠠᠨ ᠪᠤᠰᠤᠳ ᠲᠤ ᠠᠯᠪᠠ ᠪᠠᠷ ᠲᠤᠬᠤᠵᠤ | ᠪᠤᠯᠬᠤ ᠦᠭᠡᠢ᠂ ᠦᠵᠡᠯ ᠤᠬᠠᠮᠰᠠᠷ ᠤᠨ ᠭᠡᠯᠪᠡᠷᠢ ᠶᠢᠨ ᠡᠰᠡᠷᠭᠦᠴᠡᠯᠳᠦᠯ ᠭᠠᠷᠭᠠᠵᠤ ᠪᠤᠯᠬᠤ ᠦᠭᠡᠢ᠃ | — ᠪᠢᠳᠡ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠭᠦ ᠶᠢ ᠴᠢᠬᠤᠯᠠᠴᠢᠯᠠᠬᠤ ᠶᠢ | ᠬᠠᠮᠲᠤ ᠪᠠᠷ ᠰᠠᠨᠠᠭᠠᠴᠢᠯᠠᠵᠤ᠂ ᠡᠯ᠎ᠡ ᠤᠯᠤᠰ ᠤᠨ ᠲᠡᠦᠬᠡ ᠰᠣᠶᠣᠯ ᠤᠨ ᠴᠠᠭ ᠦᠶ᠎ᠡ ᠶᠢᠨ ᠦᠨ᠎ᠡ ᠦᠷᠳᠡᠭ ᠢ | ᠭᠦᠢᠴᠡᠳ ᠠᠭᠤᠳᠠᠯᠵᠤ᠂ ᠡᠯ᠎ᠡ ᠤᠯᠤᠰ ᠤᠨ ᠰᠢᠯᠢᠳᠡᠭ ᠤᠯᠠᠮᠵᠢᠯᠠᠯᠲᠤ ᠰᠣᠶᠣᠯ ᠤᠨ ᠣᠳᠣᠬᠢᠴᠢᠯᠠᠯᠲᠠ ᠶᠢᠨ | ᠠᠬᠢᠴᠠ ᠳᠤ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠭᠦ ᠴᠢᠨᠠᠷᠲᠠᠢ ᠬᠥᠭᠵᠢᠯᠲᠡ ᠶᠢ | ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ | — ᠪᠢᠳᠡ ᠤᠯᠠᠨ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ | ᠴᠢᠩᠭᠠᠳᠬᠠᠬᠤ ᠶᠢ ᠬᠠᠮᠲᠤ ᠪᠠᠷ ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠪᠣᠯᠪᠠᠰᠤᠨ ᠤ ᠶᠠᠷᠢᠯᠴᠠᠭ᠎ᠠ | ᠬᠠᠮᠲᠤᠷᠠᠯᠴᠠᠭᠠᠨ ᠤ ᠲᠣᠣᠷ ᠢ ᠰᠦᠪᠡᠭᠴᠢᠯᠡᠨ ᠪᠠᠶᠢᠭᠤᠯᠵᠤ᠂ ᠰᠣᠯᠢᠯᠴᠠᠭᠠᠨ ᠤ ᠠᠭᠤᠯᠭ᠎ᠠ ᠶᠢ ᠪᠠᠶᠠᠯᠢᠭᠵᠢᠭᠤᠯᠵᠤ᠂ | ᠬᠠᠮᠲᠤᠷᠠᠯᠴᠠᠭᠠᠨ ᠤ ᠠᠷᠭ᠎ᠠ ᠵᠠᠮ ᠢ ᠥᠷᠭᠡᠳᠬᠡᠵᠦ᠂ ᠡᠯ᠎ᠡ ᠤᠯᠤᠰ ᠤᠨ ᠠᠷᠠᠳ ᠲᠦᠮᠡᠨ ᠤ ᠬᠠᠷᠢᠯᠴᠠᠨ | ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ | ᠬᠥᠭᠵᠢᠯᠲᠡ ᠲᠠᠪᠰᠢᠯᠳᠠ ᠶᠢ ᠬᠠᠮᠲᠤ ᠪᠠᠷ ᠠᠬᠢᠭᠤᠯᠬᠤ ᠬᠡᠷᠡᠭᠲᠡᠢ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠲᠦᠷᠦ ᠶᠢᠨ ᠨᠠᠮ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠬᠤ ᠪᠠᠷ ᠴᠢᠷᠮᠠᠶᠢᠵᠤ᠂ ᠭᠠᠷ ᠬᠤᠯᠪᠣᠨ ᠳᠡᠯᠡᠬᠡᠢ ᠳ᠋ᠠᠬᠢᠨ ᠤ ᠰᠠᠷᠠᠭᠤᠯ ᠳᠠᠷᠳᠠᠩ | ᠵᠠᠮ ᠢᠶᠠᠷ ᠬᠠᠮᠲᠤ ᠪᠠᠷ ᠵᠠᠮᠨᠠᠨ᠎ᠠ᠃ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠪᠣᠯᠣᠨ ᠤᠯᠤᠰ ᠲᠦᠷᠦ ᠶᠢᠨ | ᠵᠣᠬᠢᠶᠠᠨ ᠪᠠᠶᠢᠭᠤᠯᠤᠯᠲᠠ ᠲᠠᠢ ᠶᠠᠪᠤᠯᠴᠠᠭ᠎ᠠ ᠪᠠᠨ ᠭᠦᠨᠵᠡᠭᠡᠶᠢᠷᠡᠭᠦᠯᠵᠦ᠂ ᠣᠶᠢᠯᠠᠭᠠᠭᠳᠠᠬᠤᠨ ᠤ ᠲᠠᠭᠠᠷᠠᠯᠴᠠᠬᠤ ᠴᠡᠭ᠂ | ᠠᠰᠢᠭ ᠲᠤᠰᠠ ᠶᠢᠨ ᠬᠤᠷᠠᠬᠤ ᠴᠡᠭ ᠢ ᠲᠠᠰᠤᠷᠠᠯᠳᠠ ᠦᠭᠡᠢ ᠥᠷᠭᠡᠳᠬᠡᠵᠦ᠂ ᠰᠢᠨ᠎ᠡ ᠭᠡᠯᠪᠡᠷᠢ ᠶᠢᠨ ᠲᠦᠷᠦ ᠶᠢᠨ | ᠨᠠᠮ ᠤᠨ ᠬᠠᠷᠢᠯᠴᠠᠭ᠎ᠠ ᠶᠢ ᠪᠠᠶᠢᠭᠤᠯᠬᠤ ᠶᠠᠪᠤᠳᠠᠯ ᠢᠶᠠᠷ ᠰᠢᠨ᠎ᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ | ᠪᠠᠶᠢᠭᠤᠯᠬᠤ ᠳᠤ ᠬᠦᠴᠦ ᠨᠡᠮᠡᠷᠢᠯᠡᠵᠦ᠂ ᠪᠦᠭᠦ ᠪᠥᠮᠪᠥᠷᠴᠡᠭ ᠤᠨ ᠲᠦᠷᠦ ᠶᠢᠨ ᠨᠠᠮ ᠤᠨ ᠬᠠᠨᠢᠲᠠᠨ ᠤ ᠬᠠᠷᠢᠯᠴᠠᠭ᠎ᠠ ᠶᠢ | ᠪᠠᠬᠢᠵᠢᠭᠦᠯᠦᠨ ᠲᠡᠭᠦᠯᠳᠡᠷᠵᠢᠭᠦᠯᠬᠦ ᠶᠠᠪᠤᠳᠠᠯ ᠢᠶᠠᠷ ᠪᠦᠭᠦ ᠪᠥᠮᠪᠥᠷᠴᠡᠭ ᠤᠨ ᠬᠠᠨᠢᠲᠠᠨ ᠤ ᠬᠠᠷᠢᠯᠴᠠᠭ᠎ᠠ ᠶᠢ | ᠭᠦᠨᠵᠡᠭᠡᠶᠢᠷᠡᠭᠦᠯᠦᠨ ᠥᠷᠭᠡᠳᠬᠡᠬᠦ ᠳᠤ ᠬᠦᠴᠦ ᠨᠡᠮᠡᠷᠢᠯᠡᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ | ᠦᠷᠭᠦᠯᠵᠢᠯᠡᠨ ᠡᠯ᠎ᠡ ᠤᠯᠤᠰ ᠤᠨ ᠲᠦᠷᠦ ᠶᠢᠨ ᠨᠠᠮ ᠪᠣᠯᠣᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠯᠤᠭ᠎ᠠ | ᠬᠠᠮᠲᠤ ᠪᠠᠷ ᠨᠠᠮ ᠢ ᠵᠠᠰᠠᠭᠰᠠᠨ ᠲᠦᠷᠦ ᠶᠢ ᠵᠠᠰᠠᠭᠰᠠᠨ ᠲᠤᠷᠰᠢᠯᠭ᠎ᠠ ᠶᠢᠨ ᠰᠣᠯᠢᠯᠴᠠᠭ᠎ᠠ ᠥᠷᠨᠢᠭᠦᠯᠵᠦ᠂ ᠭᠠᠷ | ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ ᠵᠠᠮᠨᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠡᠭᠡ ᠵᠠᠮ ᠢᠶᠠᠷ ᠲᠣᠮᠣ ᠠᠯᠬᠤᠮ ᠢᠶᠠᠷ ᠤᠷᠤᠭᠰᠢᠯᠠᠨ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ ᠬᠠᠮᠤᠭ ᠰᠡᠭᠦᠯ ᠳᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ ᠠᠶᠠᠨ | ᠨᠤᠭᠤᠷᠠᠯ ᠪᠦᠳᠦᠷᠢᠯ ᠳᠤ ᠤᠴᠠᠷᠠᠬᠤ ᠨᠢ ᠵᠠᠶᠢᠯᠠᠰᠢ ᠦᠭᠡᠢ᠂ ᠭᠡᠪᠡᠴᠦ ᠢᠷᠡᠭᠡᠳᠦᠢ ᠪᠣᠯ ᠭᠡᠭᠡᠨ ᠰᠠᠷᠠᠭᠤᠯ ᠶᠤᠮ᠃ | ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠲᠤᠰ | ᠲᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠦᠢᠯᠡᠰ ᠢ ᠳᠡᠯᠡᠬᠡᠢ ᠶᠢᠨ ᠬᠥᠭᠵᠢᠯ ᠴᠡᠴᠡᠭᠯᠡᠯ ᠲᠠᠪᠰᠢᠯᠳᠠ ᠶᠢ | ᠠᠬᠢᠭᠤᠯᠬᠤ ᠴᠠᠭ ᠦᠶ᠎ᠡ ᠶᠢᠨ ᠶᠡᠭᠡ ᠤᠷᠤᠰᠬᠠᠯ ᠪᠣᠯᠭᠠᠨ ᠨᠢᠭᠲᠠᠷᠠᠭᠤᠯᠵᠤ᠂ ᠲᠡᠦᠬᠡ ᠶᠢᠨ ᠤᠷᠳᠤ ᠠᠶᠠᠨ ᠳᠤ | ᠡᠷᠡᠮᠡᠬᠡᠶᠢᠯᠡᠨ ᠤᠷᠤᠭᠰᠢᠯᠠᠵᠤ᠂ ᠥᠨᠢᠳᠡ ᠦᠷᠭᠦᠯᠵᠢᠯᠡᠨ ᠬᠥᠭᠵᠢᠭᠦᠯᠦᠨ᠎ᠡ︕ ᠭᠡᠵᠦ ᠵᠢᠭᠠᠵᠤ ᠭᠠᠷᠭᠠᠪᠠ᠃ | ᠡᠮᠦᠨᠡᠲᠦ ᠠᠹᠷᠢᠺᠠ ᠶᠢᠨ ᠠᠹᠷᠢᠺᠠᠴᠤᠳ ᠤᠨ ᠢᠷᠭᠡᠨ ᠤ ᠶᠡᠭᠡ ᠬᠤᠷᠠᠯ ᠤᠨ ᠲᠡᠷᠢᠭᠦᠯᠡᠭᠴᠢ᠂ ᠶᠡᠷᠦᠩᠬᠡᠶᠢᠯᠡᠭᠴᠢ | ᠯᠠᠮᠠᠹᠦ᠋ᠰᠠ᠂ ᠡᠮᠦᠨᠡᠲᠦ ᠰᠦᠳᠠᠨ ᠤ ᠰᠦᠳᠠᠨ ᠤ ᠠᠷᠠᠳ ᠤᠨ ᠴᠢᠯᠦᠭᠡᠯᠡᠯᠲᠡ ᠶᠢᠨ ᠬᠥᠳᠡᠯᠭᠡᠭᠡᠨ ᠤ ᠲᠡᠷᠢᠭᠦᠯᠡᠭᠴᠢ᠂ | ᠶᠡᠷᠦᠩᠬᠡᠶᠢᠯᠡᠭᠴᠢ ᠺᠢᠷ᠂ ᠨᠢᠺᠠᠷᠠᠭᠤᠸᠠ ᠰᠠᠩᠳᠢᠨᠤ᠋ ᠶᠢᠨ ᠦᠨᠳᠦᠰᠦᠲᠡᠨ ᠤ ᠴᠢᠯᠦᠭᠡᠯᠡᠯᠲᠡ ᠶᠢᠨ ᠹᠷᠣᠨᠲ ᠤᠨ | ᠶᠡᠷᠦᠩᠬᠡᠢ ᠱᠦᠵᠢ᠂ ᠶᠡᠷᠦᠩᠬᠡᠶᠢᠯᠡᠭᠴᠢ ᠤᠷᠲ᠋ᠤᠭ᠎ᠠ᠂ ᠸᠧᠨᠧᠽᠦᠧᠯᠠ ᠶᠢᠨ ᠨᠢᠭᠡᠳᠦᠭᠰᠡᠨ ᠨᠡᠶᠢᠭᠡᠮ ᠵᠢᠷᠤᠮᠲᠤ ᠨᠠᠮ ᠤᠨ | ᠲᠡᠷᠢᠭᠦᠯᠡᠭᠴᠢ᠂ ᠶᠡᠷᠦᠩᠬᠡᠶᠢᠯᠡᠭᠴᠢ ᠮᠠᠳᠦ᠋ᠯᠦ᠋ᠸᠧ᠂ ᠰᠧᠷᠪᠢᠶ᠎ᠠ ᠶᠢᠨ ᠤᠷᠤᠭᠰᠢᠯᠠᠯᠲᠠ ᠨᠠᠮ ᠤᠨ ᠲᠡᠷᠢᠭᠦᠯᠡᠭᠴᠢ᠂ | ᠶᠡᠷᠦᠩᠬᠡᠶᠢᠯᠡᠭᠴᠢ ᠥᠴᠢᠴᠢ᠂ ᠮᠣᠩᠭᠤᠯ ᠠᠷᠠᠳ ᠤᠨ ᠨᠠᠮ ᠤᠨ ᠲᠡᠷᠢᠭᠦᠯᠡᠭᠴᠢ᠂ ᠵᠠᠰᠠᠭ ᠤᠨ ᠣᠷᠳᠣᠨ ᠤ ᠶᠡᠷᠦᠩᠬᠡᠢ | ᠰᠠᠶᠢᠳ ᠣᠶᠤᠨ᠋ᠡᠷᠳᠡᠨᠢ᠂ ᠵᠡᠭᠦᠨ ᠲᠢᠮᠦᠷ ᠤᠨ ᠠᠷᠠᠳ ᠤᠨ ᠴᠢᠯᠦᠭᠡᠯᠡᠬᠦ ᠨᠠᠮ ᠤᠨ ᠲᠡᠷᠢᠭᠦᠯᠡᠭᠴᠢ᠂ ᠵᠠᠰᠠᠭ ᠤᠨ | ᠣᠷᠳᠣᠨ ᠤ ᠶᠡᠷᠦᠩᠬᠡᠢ ᠰᠠᠶᠢᠳ ᠷᠦᠸᠠᠺ᠂ ᠫᠠᠫᠦ᠋ᠶᠠ ᠰᠢᠨ᠎ᠡ ᠭᠢᠨᠧᠶᠠ ᠶᠢᠨ ᠫᠠᠨᠭᠦ᠋ ᠨᠠᠮ ᠤᠨ ᠤᠳᠤᠷᠢᠳᠤᠭᠴᠢ᠂ | ᠵᠠᠰᠠᠭ ᠤᠨ ᠣᠷᠳᠣᠨ ᠤ ᠶᠡᠷᠦᠩᠬᠡᠢ ᠰᠠᠶᠢᠳ ᠮᠠᠯᠠᠫᠸᠢ᠂ ᠭᠷᠧᠨᠠᠳᠠ ᠶᠢᠨ ᠦᠨᠳᠦᠰᠦᠲᠡᠨ ᠤ ᠠᠷᠠᠳᠴᠢᠯᠠᠭᠰᠠᠨ ᠶᠡᠭᠡ | ᠬᠤᠷᠠᠯ ᠤᠨ ᠨᠠᠮ ᠤᠨ ᠤᠳᠤᠷᠢᠳᠤᠭᠴᠢ᠂ ᠵᠠᠰᠠᠭ ᠤᠨ ᠣᠷᠳᠣᠨ ᠤ ᠶᠡᠷᠦᠩᠬᠡᠢ ᠰᠠᠶᠢᠳ ᠮᠢᠴᠢᠶᠧᠷ᠂ ᠣᠷᠣᠰ ᠤᠨ | ᠨᠢᠭᠡᠳᠦᠭᠰᠡᠨ ᠣᠷᠣᠰ ᠨᠠᠮ ᠤᠨ ᠳᠡᠭᠡᠳᠦ ᠵᠥᠪᠯᠡᠯ ᠤᠨ ᠲᠡᠷᠢᠭᠦᠯᠡᠭᠴᠢ ᠭᠧᠯᠦ᠋ᠢᠽᠯᠦ᠋ᠸᠧᠹ᠂ ᠺᠠᠽᠠᠬᠰᠲ᠋ᠠᠨ ᠤ ︽ | ᠠᠮᠠᠨᠠᠲ︾ ᠨᠠᠮ ᠤᠨ ᠲᠡᠷᠢᠭᠦᠯᠡᠭᠴᠢ ᠺᠤᠱᠠᠨᠤᠹ᠂ ᠲᠤᠭᠤ᠋ ᠶᠢᠨ ᠪᠦᠭᠦᠳᠠ ᠨᠠᠶᠢᠷᠠᠮᠳᠠᠬᠤ ᠶᠢ ᠬᠠᠮᠠᠭᠠᠯᠠᠬᠤ | ᠬᠤᠯᠪᠤᠭ᠎ᠠ ᠶᠢᠨ ᠶᠡᠷᠦᠩᠬᠡᠢ ᠡᠳ᠋ ᠤᠨ ᠵᠠᠰᠠᠭ ᠤᠨ ᠳᠠᠷᠤᠭ᠎ᠠ᠂ ᠢᠷᠭᠡᠨ ᠤ ᠵᠥᠪᠯᠡᠯᠭᠡᠨ ᠤ ᠬᠤᠷᠠᠯ ᠤᠨ ᠳᠠᠷᠤᠭ᠎ᠠ | ᠼᠠᠶᠢᠭᠠᠩ ᠨᠠᠷ ᠶᠠᠷᠢᠯᠴᠠᠬᠤ ᠬᠤᠷᠠᠯ ᠳᠡᠭᠡᠷ᠎ᠡ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠢᠯᠠᠯᠲᠠ ᠲᠠᠢ ᠪᠠᠷ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠰᠢ ᠶᠢᠨ ᠫᠢᠩ ᠤᠨ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠪᠠᠷ ᠳᠠᠬᠢᠨᠲᠠ ᠰᠣᠩᠭᠤᠭᠳᠠᠭᠰᠠᠨ ᠳᠤ ᠬᠠᠯᠠᠭᠤᠨ ᠪᠠᠶᠠᠷ | ᠬᠦᠷᠭᠡᠵᠦ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠲᠡᠦᠬᠡᠲᠦ | ᠴᠢᠨᠠᠷᠲᠠᠢ ᠬᠤᠪᠢᠰᠤᠯᠲᠠ ᠶᠢ ᠬᠠᠯᠠᠭᠤᠨ ᠢᠶᠠᠷ ᠮᠠᠭᠲᠠᠨ ᠰᠠᠶᠢᠰᠢᠶᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ | ᠵᠤᠷᠢᠯᠳᠠᠳᠦ ᠶᠠᠷᠢᠶᠠᠨ ᠳᠠᠭᠠᠨ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠵᠣᠷᠢᠯᠲᠠ ᠶᠢ ᠢᠳᠡᠪᠬᠢᠲᠡᠢ | ᠴᠤᠤᠷᠢᠶᠠᠲᠤᠨ ᠳᠠᠭᠠᠵᠤ᠂ ᠳᠤᠷᠠᠲᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠯᠤᠭ᠎ᠠ ᠬᠠᠮᠲᠤ ᠪᠠᠷ᠂ | ᠣᠳᠣᠬᠢᠴᠢᠯᠠᠯᠲᠠ ᠶᠢᠨ ᠠᠬᠢᠴᠠ ᠳᠤᠮᠳᠠ ᠬᠥᠲᠥᠯᠥᠨ ᠳᠠᠭᠠᠭᠤᠯᠬᠤ ᠪᠠ ᠠᠬᠢᠭᠤᠯᠬᠤ ᠦᠢᠯᠡᠳᠦᠯ ᠢᠶᠠᠨ ᠰᠠᠶᠢᠲᠤᠷ | ᠪᠠᠳᠠᠷᠠᠭᠤᠯᠤᠨ᠎ᠠ ᠭᠡᠵᠦ ᠢᠯᠡᠳᠬᠡᠵᠡᠭᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ ᠼᠠᠢ ᠴᠢ ᠶᠠᠷᠢᠯᠴᠠᠬᠤ ᠬᠤᠷᠠᠯ ᠳᠤ ᠣᠷᠣᠯᠴᠠᠬᠰᠠᠨ ᠪᠥᠭᠡᠳ ᠳ᠋ᠦᠩᠨᠡᠯᠲᠡ ᠶᠢᠨ | ᠶᠠᠷᠢᠶ᠎ᠠ ᠲᠠᠯᠪᠢᠵᠠᠢ᠃ ᠲᠡᠷᠡ ᠶᠡᠷᠦᠩᠬᠡᠢ ᠱᠦᠵᠢ ᠰᠢ ᠶᠢᠨ ᠫᠢᠩ ᠭᠤᠣᠯ ᠵᠤᠷᠢᠯᠳᠠᠳᠦ ᠶᠠᠷᠢᠶ᠎ᠠ ᠲᠠᠯᠪᠢᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠲᠤᠬᠠᠢ | ᠲᠠᠨᠢᠯᠲᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢ ᠳᠤᠷᠠᠳᠴᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ | ᠲᠦᠷᠦ ᠶᠢᠨ ᠨᠠᠮ ᠲᠠᠢ ᠬᠠᠮᠲᠤ ᠪᠠᠷ᠂ ᠲᠤᠰ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠦᠢᠯᠡᠰ ᠢ | ᠠᠬᠢᠭᠤᠯᠵᠤ᠂ ᠪᠦᠭᠦ ᠪᠥᠮᠪᠥᠷᠴᠡᠭ ᠤᠨ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠠᠬᠢᠭᠤᠯᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠴᠢᠩ ᠦᠨᠡᠨᠴᠢ | ᠬᠦᠰᠡᠯ ᠡᠷᠡᠮᠡᠯᠵᠡᠯ ᠢ ᠢᠯᠡᠳᠬᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠮᠥᠨ ᠲᠥᠷᠥᠯᠬᠢᠲᠡᠨ ᠤ | ᠬᠠᠮᠲᠤ ᠶᠢᠨ ᠥᠷᠢᠰᠦᠯᠳᠦᠭᠡᠨ ᠳᠤ ᠰᠢᠭᠤᠳ ᠬᠠᠨᠳᠤᠬᠤ ᠤᠯᠤᠰ ᠲᠦᠷᠦ ᠶᠢᠨ ᠰᠥᠰᠥ ᠵᠣᠷᠢᠭ ᠪᠣᠯᠣᠨ | ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠳᠡᠯᠡᠬᠡᠢ ᠶᠢᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠵᠤ᠂ | ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢ ᠠᠬᠢᠭᠤᠯᠬᠤ ᠳᠤ ᠳᠤᠮᠳᠠᠳᠤ ᠤᠯᠤᠰ ᠤᠨ ᠲᠥᠰᠥᠯ ᠢ | ᠬᠠᠩᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠪᠣᠯᠣᠨ | ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠲᠠᠢ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ᠂ | ᠪᠣᠯᠪᠠᠰᠤᠨ ᠤ ᠲᠠᠪᠰᠢᠯᠳᠠ ᠶᠢ ᠠᠬᠢᠭᠤᠯᠬᠤ ᠲᠦᠷᠦ ᠶᠢᠨ ᠨᠠᠮ ᠤᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠠᠶᠠᠨ ᠳᠤ | ᠭᠠᠷ ᠬᠤᠯᠪᠣᠨ ᠬᠠᠮᠲᠤ ᠪᠠᠷ ᠤᠷᠤᠭᠰᠢᠯᠠᠨ᠎ᠠ ᠭᠡᠵᠦ ᠵᠢᠭᠠᠵᠤ ᠭᠠᠷᠭᠠᠪᠠ᠃ | ᠸᠠᠩ ᠢ᠂ ᠶᠢᠨ ᠯᠢ᠂ ᠯᠢ ᠱᠣ᠋ ᠯᠧᠢ᠂ ᠴᠢᠨ ᠭᠠᠩ ᠨᠠᠷ ᠶᠠᠷᠢᠯᠴᠠᠬᠤ ᠬᠤᠷᠠᠯ ᠳᠤ ᠣᠷᠣᠯᠴᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ | ᠲᠡᠰ ᠤᠨ ᠶᠠᠷᠢᠯᠴᠠᠭ᠎ᠠ ᠶᠢᠨ ᠬᠤᠷᠠᠯ ᠨᠢ ︽ᠣᠳᠣᠬᠢᠴᠢᠯᠠᠯᠲᠠ ᠶᠢᠨ ᠵᠠᠮ᠄ ᠲᠦᠷᠦ ᠶᠢᠨ ᠨᠠᠮ ᠤᠨ ᠬᠠᠷᠢᠭᠤᠴᠠᠯᠭ᠎ᠠ︾ | ᠪᠠᠷ ᠭᠤᠣᠯ ᠰᠡᠳᠦᠪ ᠪᠤᠯᠭᠠᠵᠤ᠂ 150 ᠭᠠᠷᠤᠢ ᠤᠯᠤᠰ ᠤᠨ 500 ᠭᠠᠷᠤᠢ ᠲᠦᠷᠦ ᠶᠢᠨ | ᠨᠠᠮ ᠪᠣᠯᠣᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠬᠤᠷᠠᠯ ᠳᠤ | ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 15 ᠤ ᠴᠠᠭᠢᠯᠭᠠᠨ ᠮᠡᠳᠡᠭᠡ︶ | |